ᠯᠢᠶᠠᠩᠴᠧᠩ ᠰᠢᠶᠠᠨ ︽ᠬᠠᠭᠤᠷᠠᠢ ᠠᠮᠤ ᠪᠤᠳᠠᠭ᠎ᠠ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠵᠥᠪᠰᠢᠶᠡᠷᠡᠨ ᠣᠷᠣᠭᠤᠯᠬᠤ ᠬᠢᠨᠠᠨ ᠲᠣᠭᠲᠠᠭᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ
ᠨᠡᠶᠢᠲᠡᠯᠡᠭᠰᠡᠨ ᠴᠠᠭ᠄
2024/5/22
   ︽ᠯᠢᠶᠠᠩᠴᠧᠩ ᠤᠨ ᠬᠠᠭᠤᠷᠠᠢ ᠠᠮᠤ ᠪᠤᠳᠠᠭ᠎ᠠ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠪᠦᠬᠦ ᠬᠦᠴᠦᠨ ᠢᠶᠠᠷ ᠢᠶᠠᠨ ᠡᠭᠦᠳᠴᠦ᠂ ᠮᠠᠨ ᠤ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠠᠷ ᠪᠦᠷᠢᠯᠳᠦᠭᠰᠡᠨ ᠬᠢᠨᠠᠨ ᠲᠣᠭᠲᠠᠭᠠᠬᠤ ᠳᠤᠭᠤᠶᠢᠯᠠᠩ ᠬᠡᠰᠡᠭ ᠠᠵᠤ ᠠᠬᠤᠶᠢᠯᠠᠯ ᠳᠤ ᠭᠦᠨᠵᠡᠭᠡᠶᠢᠷᠡᠨ ︽ᠯᠢᠶᠠᠩᠴᠧᠩ ᠬᠠᠭᠤᠷᠠᠢ ᠠᠮᠤ ᠪᠤᠳᠠᠭ᠎ᠠ︾ ᠶᠢ ᠬᠡᠷᠡᠭᠯᠡᠬᠦ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠤᠯᠲᠠ ᠬᠢᠪᠡ᠃    ᠬᠢᠨᠠᠨ ᠲᠣᠭᠲᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠮᠧᠩ ᠫᠧᠩ ᠪᠤᠷᠴᠠᠭ ᠤᠨ ᠪᠦᠲᠦᠭᠡᠭᠳᠡᠬᠦᠨ ᠤ ᠺᠣᠮᠫᠠᠨᠢ᠂ ᠤᠯᠠᠭᠠᠨᠴᠠᠪ ᠬᠤᠳᠠ ᠶᠢᠨ ᠬᠥᠬᠡᠬᠤᠲᠠ ᠶᠢᠨ ᠢᠳᠡᠭᠡᠨ ᠤ ᠬᠢᠵᠠᠭᠠᠷᠲᠤ ᠺᠣᠮᠫᠠᠨᠢ᠂ ᠮᠧᠩ ᠳ᠋ᠢ ᠰᠦ ᠶᠢᠨ ᠦᠢᠯᠡᠰ ᠵᠡᠷᠭᠡ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠠᠵᠢᠯᠯᠠᠭᠠᠨ ᠤ ᠪᠠᠶᠢᠳᠠᠯ᠂ ᠦᠢᠯᠡᠳᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ᠂ ᠲᠦᠷᠦᠯ ᠲᠡᠮᠳᠡᠭ ᠢ ᠳᠡᠭᠡᠭᠰᠢᠯᠡᠭᠦᠯᠦᠨ ᠡᠭᠦᠳᠦᠭᠰᠡᠨ ᠵᠡᠷᠭᠡ ᠶᠢ ᠲᠤᠬᠠᠢ ᠶᠢᠨ ᠭᠠᠵᠠᠷ ᠲᠤᠨᠢ ᠤᠢᠢᠯᠠᠭᠠᠭᠰᠠᠨ ᠪᠥᠭᠡᠳ ᠠᠵᠤ ᠠᠬᠤᠶᠢᠯᠠᠯ ᠤᠨ ︽ᠯᠢᠶᠠᠩᠴᠧᠩ ᠬᠠᠭᠤᠷᠠᠢ ᠠᠮᠤ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠤᠨ ᠪᠠᠷᠢᠮᠵᠢᠶ᠎ᠠ᠂ ᠶᠠᠪᠤᠴᠠ ᠪᠣᠯᠤᠨ ᠪᠤᠰᠤᠳ ᠠᠩᠬᠠᠷᠬᠤ ᠵᠦᠢᠯᠡᠰ ᠢ ᠬᠡᠷᠡᠭᠯᠡᠬᠦ ᠲᠤᠬᠠᠢ ᠤᠯᠤᠯᠴᠠᠭ᠎ᠠ ᠵᠣᠯᠭᠠᠯᠴᠠᠭ᠎ᠠ ᠬᠢᠵᠦ᠂ ᠮᠠᠳᠠᠭ ᠲᠠᠢ ᠠᠰᠠᠭᠤᠳᠠᠯ ᠢ ᠬᠠᠷᠢᠭᠤᠯᠪᠠ᠃ ᠡᠭᠦᠨ ᠤ ᠬᠠᠮᠲᠤ᠂ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠᠰᠠ ᠡᠯ᠎ᠡ ᠵᠦᠢᠯ ᠤᠨ ᠭᠤᠶᠤᠴᠢᠯᠠᠬᠤ ᠶᠠᠪᠤᠴᠠ ᠶᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠵᠥᠪᠰᠢᠶᠡᠷᠡᠨ ᠣᠷᠣᠭᠤᠯᠬᠤ ᠶᠠᠪᠤᠴᠠ ᠳᠤ ᠣᠷᠣᠰᠢᠵᠤ ᠪᠠᠶᠢᠭ᠎ᠠ ᠳᠤᠲᠠᠭᠤᠳᠠᠯ ᠢ ᠢᠳᠡᠪᠬᠢᠲᠡᠶ ᠪᠠᠷ ᠨᠥᠬᠦᠪᠥᠷᠢᠯᠡᠵᠦ᠂ ᠡᠷᠲᠡᠬᠡᠨ ︽ᠯᠢᠶᠠᠩᠴᠧᠩ ᠤᠨ ᠬᠠᠭᠤᠷᠠᠢ ᠠᠮᠤ ᠪᠤᠳᠠᠭ᠎ᠠ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠡᠷᠬᠡ ᠣᠯᠭᠤᠭᠰᠠᠨ ᠠᠵᠤ ᠠᠬᠤᠶᠢᠯᠠᠯ ᠪᠣᠯᠬᠤ ᠪᠠᠷ ᠴᠢᠷᠮᠠᠶᠢᠨ᠎ᠠ᠃    2022 ᠣᠨ ᠳᠤ᠂ ︽ᠯᠢᠶᠠᠩᠴᠧᠩ ‍ᠤᠨ‌ᠬᠠᠭᠤᠷᠠᠢ ᠠᠮᠤ ᠪᠤᠳᠠᠭ᠎ᠠ︾ ᠨᠢ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠲᠠᠸᠠᠷ ᠤᠨ ᠲᠡᠮᠳᠡᠭᠲᠦ ᠶᠢ ᠳᠠᠩᠰᠠᠯᠠᠭᠤᠯᠤᠭᠰᠠᠨ ᠭᠡᠷᠡᠴᠢᠯᠡᠯᠲᠡ ᠶᠢ ᠵᠢᠩᠬᠢᠨᠢ ᠪᠠᠷ ᠤᠯᠪᠠ᠃ ︽ᠯᠢᠶᠠᠩᠴᠧᠩ ᠤᠨ ᠬᠠᠭᠤᠷᠠᠶ ᠠᠮᠤ ᠪᠤᠳᠠᠭ᠎ᠠ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠪᠣᠯ ᠮᠠᠨ ᠤ ᠰᠢᠶᠠᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠯᠳᠠᠷᠰᠢᠯ ᠢ ᠳᠡᠭᠡᠭᠰᠢᠯᠡᠭᠦᠯᠵᠦ᠂ ᠣᠨᠴᠠᠯᠢᠭᠲᠤ ᠨᠠᠷᠠᠲᠤ ᠲᠡᠮᠳᠡᠭᠲᠦ ᠶᠢ ᠪᠣᠶ ᠪᠣᠯᠭᠠᠬᠤ ᠶᠢᠨ ᠴᠢᠬᠤᠯᠠ ᠠᠭᠤᠯᠭ᠎ᠠ ᠮᠥᠨ᠃ ᠵᠠᠯᠭᠠᠭᠠᠳ᠂ ᠯᠢᠶᠠᠩᠴᠧᠩ ᠰᠢᠶᠠᠨ ᠡᠭᠦᠨ ᠢᠶᠠᠷ ᠠᠵᠠ ᠲᠣᠬᠢᠶᠠᠯ ᠪᠣᠯᠭᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ᠂ ᠬᠠᠮᠢᠶᠠᠷᠬᠤ ᠪᠠ ᠮᠥᠷᠳᠡᠨ ᠨᠡᠬᠡᠮᠵᠢᠯᠡᠬᠦ ᠰᠢᠰᠲ᠋ᠧᠮ ᠢ ᠲᠠᠰᠤᠷᠠᠯᠲᠠ ᠥᠬᠡᠶ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠯᠢᠶᠠᠩᠴᠧᠩ ᠤᠨ ᠬᠠᠭᠤᠷᠠᠶ ᠠᠮᠤ ᠪᠤᠳᠠᠭ᠎ᠠ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠢᠳᠡᠪᠬᠢᠲᠡᠶ ᠠᠬᠢᠭᠤᠯᠵᠤ᠂ ᠯᠢᠶᠠᠩᠴᠧᠩ ᠰᠢᠶᠠᠨ ᠤ ︽ᠲᠠᠪᠤᠨ ᠬᠦᠴᠦᠷᠬᠡᠭ ᠰᠢᠶᠠᠨ ᠢ ᠪᠥᠲᠥᠭᠡᠨ ᠪᠠᠶᠢᠭᠤᠯᠬᠤ︾ ᠵᠢᠴᠢ ᠠᠵᠤ ᠤᠶᠢᠯᠡᠰ ᠤᠨ ᠬᠥᠭᠵᠢᠯᠲᠡ᠂ ᠲᠠᠷᠢᠶᠠᠴᠢᠳ ᠢ ᠪᠠᠶᠠᠵᠢᠭᠤᠯᠬᠤ ᠶᠢ ᠠᠬᠢᠭᠤᠯᠵᠤ᠂ ︽ᠯᠢᠶᠠᠩᠴᠧᠩ ᠤᠨ ᠬᠠᠭᠤᠷᠠᠶ ᠠᠮᠤ ᠪᠤᠳᠠᠭ᠎ᠠ︾ ᠶᠢ ᠯᠢᠶᠠᠩᠴᠧᠩ ᠰᠢᠶᠠᠨ ᠤ ᠰᠢᠨ᠎ᠡ ᠨᠡᠷ᠎ᠡ ᠶᠢᠨ ᠬᠠᠭᠤᠳᠠᠰᠤ ᠪᠣᠯᠭᠠᠨ᠎ᠠ᠃                                                      ᠨᠠᠶᠢᠷᠠᠭᠤᠯᠤᠭᠴᠢ᠄   ᠶᠠᠩ  ᠿᠦᠢ ᠵᠧᠨ                                                      ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2