ᠮᠠᠨ ᠤ ᠰᠢᠶᠠᠨ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠵᠢᠴᠢ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/22
 ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠥᠯᠥᠭᠡ᠂ 5 ᠰᠠᠷ᠎ᠠ ᠶᠢᠨ 22 ᠤᠨ ᠡᠳᠦᠷ᠂ ᠮᠠᠨ ᠤ ᠰᠢᠶᠠᠨ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠵᠢᠴᠢ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠰᠢᠶᠠᠨ ᠤ ᠤᠳᠤᠷᠢᠳᠤᠯᠭ᠎ᠠ ᠯᠢ ᡁᠢ ᠭᠠᠩ᠂ ᠴᠧᠨ ᠰᠢᠶᠤᠤ ᠹᠧᠩ ᠵᠢᠴᠢ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾ ᠬᠤᠷᠠᠯ ᠳᠤ ᠣᠷᠣᠯᠴᠠᠪᠠ᠃
       ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠥᠨᠳᠡᠯᠡᠨ ᠪᠢᠴᠢᠭᠡᠰᠦ ᠡᠯᠭᠦᠬᠦ᠂ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠥᠷᠭᠡᠨ ᠤᠯᠠᠨ ᠲᠦᠮᠡᠨ ᠳᠤ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠤᠨ ᠭᠤᠣᠯ ᠠᠭᠤᠯᠭ᠎ᠠ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠴᠢᠬᠤᠯᠠ ᠴᠢᠨᠠᠷ ᠵᠢᠴᠢ ᠵᠠᠬᠢᠳᠠᠯ ᠰᠤᠷᠪᠤᠯᠵᠢᠯᠠᠭ᠎ᠠ ᠶᠢᠨ ᠬᠠᠤᠯᠢᠵᠢᠯ ᠤᠨ ᠠᠴᠢ ᠬᠤᠯᠪᠣᠭᠳᠠᠯ ᠢ ᠲᠦᠭᠡᠮᠡᠯᠵᠢᠭᠦᠯᠪᠡ᠃ ᠠᠵᠢᠯᠲᠠᠳ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠶ ᠣᠯᠠᠨ ᠲᠦᠮᠡᠨ ᠤ ᠮᠠᠳᠠᠭ ᠲᠠᠢ ᠠᠰᠠᠭᠤᠳᠠᠯ ᠳᠤ ᠬᠦᠯᠢᠴᠡᠩᠭᠦᠶ ᠪᠠᠷ ᠬᠠᠷᠢᠭᠤᠯᠲᠠ ᠥᠭᠭᠦᠭᠰᠡᠨ ᠪᠥᠭᠡᠳ ᠵᠠᠬᠢᠳᠠᠯ ᠰᠤᠷᠪᠤᠯᠵᠢᠯᠠᠭ᠎ᠠ ᠶᠢᠨ ᠶᠠᠪᠤᠴᠠ ᠂ ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠡᠷᠬᠡ ᠪᠠ ᠡᠭᠦᠷᠭᠡ ᠵᠡᠷᠭᠡ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠭᠤᠨ ᠴᠡᠭ ᠤᠨ ᠠᠰᠠᠭᠤᠳᠠᠯ ᠢ ᠨᠠᠷᠢᠨ ᠲᠠᠶᠢᠯᠪᠤᠷᠢᠯᠠᠵᠠᠶ᠃ ᠡᠭᠦᠨ ᠤ ᠬᠠᠮᠲᠤ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠺᠠᠳ᠋ᠷᠴᠤᠳ ᠢ ᠵᠣᠬᠢᠶᠠᠨ ᠪᠠᠶᠢᠭᠤᠯᠤᠨ ︽ᠬᠥᠳᠡᠭᠡ ᠲᠣᠰᠬᠤᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠨᠢᠭᠡᠴᠡ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠰᠦᠯᠵᠢᠶᠡᠨ ᠳᠤ ᠣᠷᠣᠭᠤᠯᠬᠤ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠦᠨᠡᠨ ᠬᠦ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ᠃
   ᠲᠥᠪᠯᠡᠷᠡᠭᠦᠯᠦᠨ ᠤᠬᠠᠭᠤᠯᠬᠤ ᠪᠠᠷ ᠳᠠᠮᠵᠢᠭᠤᠯᠤᠨ᠂ ᠣᠯᠠᠨ ᠲᠦᠮᠡᠨ ᠤ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠤᠨ ᠲᠤᠬᠠᠶ ᠲᠠᠨᠢᠯᠲᠠ ᠣᠶᠢᠯᠠᠭᠠᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠵᠢᠯ ᠶᠠᠪᠤᠳᠠᠯ ᠭᠦᠢᠴᠡᠳᠭᠡᠬᠦ ᠳᠤ ᠬᠠᠤᠯᠢ ᠶᠢ ᠵᠢᠷᠤᠮᠯᠠᠬᠤ᠂ ᠤᠴᠢᠷ ᠶᠠᠪᠤᠳᠠᠯ ᠲᠤᠯᠭᠠᠷᠠᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠨᠠᠮᠳᠠᠭᠤᠯᠬᠤ ᠳᠤ ᠬᠠᠤᠯᠢ ᠳᠤ ᠲᠦᠰᠢᠭᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢ ᠪᠠᠷ ᠵᠠᠰᠠᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠰᠠᠶᠢᠨ ᠰᠠᠶᠢᠬᠠᠨ ᠨᠡᠶᠢᠭᠡᠮ ᠤᠨ ᠤᠷᠴᠢᠨ‌ᠢ ᠪᠣᠶ ᠪᠣᠯᠭᠠᠪᠠ᠃                                          ᠨᠠᠶᠢᠷᠠᠭᠤᠯᠤᠭᠴᠢ᠄   ᠶᠠᠩ  ᠿᠦᠢ ᠵᠧᠨ                                          ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2