ᠮᠠᠨ ᠤ ᠰᠢᠶᠠᠨ ︽ᠰᠣᠶᠣᠯ ᠤᠨ ᠥᠪ ᠢ ᠬᠠᠮᠠᠭᠠᠯᠠᠵᠤ ᠲᠡᠦᠬᠡ ᠰᠣᠶᠣᠯ ᠤᠨ ᠰᠤᠳᠠᠰᠤ ᠶᠢ ᠤᠯᠠᠮᠵᠢᠯᠠᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/23
  ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠬᠡᠪᠡᠷ ᠤᠯᠠᠮᠵᠢᠯᠠᠨ ᠪᠠᠳᠠᠷᠠᠭᠤᠯᠵᠤ᠂ ᠥᠷᠭᠡᠨ ᠣᠯᠠᠨ ᠲᠦᠮᠡᠨ ᠤ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 23 ᠤ ᠡᠳᠦᠷ᠂ ᠯᠢᠶᠠᠩᠴᠧᠩ ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠯᠢᠶᠠᠩᠴᠧᠩ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠵᠢᠴᠢ ᠵᠢᠷᠭᠤᠳᠤᠭᠠᠷ ᠰᠤᠮᠤ ᠪᠠᠯᠭᠠᠰᠤ ᠬᠠᠮᠲᠤᠷᠠᠨ ᠱᠤᠸᠠᠩ ᠬᠥ᠋ ᠴᠧᠩ ᠲᠣᠰᠬᠤᠨ ᠳᠤ ︽ᠰᠣᠶᠣᠯ ᠤᠨ ᠥᠪ ᠢ ᠬᠠᠮᠠᠭᠠᠯᠠᠵᠤ ᠲᠡᠤᠬᠡ ᠰᠣᠶᠣᠯ ᠤᠨ ᠰᠤᠳᠠᠰᠤ ᠶᠢ ᠤᠯᠠᠮᠵᠢᠯᠠᠨ ᠵᠠᠯᠭᠠᠮᠵᠢᠯᠠᠬᠤ︾ ᠪᠠᠷ ᠭᠤᠤᠯ ᠰᠡᠳᠦᠪ ᠪᠣᠯᠭᠠᠭᠰᠠᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
      ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠣᠯᠠᠨ ᠲᠦᠮᠡᠨ ᠳᠤ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠤᠬᠠᠭᠤᠯᠭ᠎ᠠ ᠶᠢᠨ ᠬᠠᠭᠤᠳᠠᠰᠤ ᠪᠠ ᠤᠬᠠᠭᠤᠯᠭ᠎ᠠ ᠶᠢᠨ ᠭᠠᠷ ᠳᠡᠪᠲᠡᠷ᠂ ᠤᠬᠠᠭᠤᠯᠭ᠎ᠠ ᠶᠢᠨ ᠮᠠᠲ᠋ᠧᠷᠢᠶᠠᠯ ᠤᠨ ᠠᠭᠤᠯᠭ᠎ᠠ ᠪᠠᠶᠠᠯᠢᠭ᠂ ᠵᠢᠷᠤᠭ ᠪᠢᠴᠢᠭ ᠢ ᠵᠡᠷᠭᠡᠪᠡᠷ ᠳᠡᠯᠭᠡᠷᠡᠭᠦᠯᠵᠦ᠂ ᠲᠣᠰ ᠭᠠᠵᠠᠷ ᠤᠨ ᠰᠣᠶᠣᠯ ᠤᠨ ᠥᠪ ᠤᠨ ᠲᠤᠬᠠᠶ ᠨᠠᠷᠢᠨ ᠲᠠᠨᠢᠯᠴᠠᠭᠤᠯᠭ᠎ᠠ ᠪᠠᠶᠢᠬᠤ ᠮᠥᠷᠲᠡᠭᠡᠨ ᠪᠠᠰᠠ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠶᠢᠨ ᠴᠢᠬᠤᠯᠠ ᠴᠢᠨᠠᠷ ᠵᠢᠴᠢ ᠬᠠᠮᠠᠭᠠᠯᠠᠬᠤ ᠠᠷᠭ᠎ᠠ ᠶᠢᠨ ᠲᠤᠬᠠᠶ ᠭᠦᠨᠵᠡᠭᠡᠶ ᠵᠠᠳᠠᠯᠤᠯᠲᠠ ᠶᠢᠨ ᠮᠠᠲ᠋ᠧᠷᠢᠶᠠᠯ ᠪᠠᠶᠢᠳᠠᠭ᠃
  ᠪᠠᠶᠢᠴᠠᠭᠠᠬᠤ ᠬᠤᠷᠢᠶᠠᠨ ᠤ ᠠᠵᠢᠯᠲᠠᠳ ︽ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠳᠤ ᠬᠦᠴᠦᠨ ᠨᠡᠮᠡᠷᠢᠯᠡᠬᠦ ᠰᠠᠨᠠᠭᠠᠴᠢᠯᠠᠭ᠎ᠠ ᠶᠢᠨ ᠪᠢᠴᠢᠭ︾ ᠢ ᠤᠩᠰᠢᠨ ᠨᠡᠶᠢᠲᠡᠯᠡᠵᠦ᠂ ᠣᠯᠠᠨ ᠢᠶᠠᠷ ᠢᠶᠠᠨ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠶᠢ ᠤᠷᠢᠶᠠᠯᠠᠵᠤ᠂ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠬᠡᠪᠴᠢᠶᠡᠨ ᠳᠤ ᠪᠠᠶᠢᠭᠤᠯᠬᠤ᠂ ᠪᠤᠯᠠᠰᠢᠨ ᠪᠤᠯᠠᠬᠤ᠂ ᠡᠯᠡᠰᠦ ᠮᠠᠯᠲᠠᠬᠤ᠂ ᠰᠢᠷᠣᠶ ᠠᠪᠬᠤ᠂ ᠲᠦᠯᠡᠭᠡ ᠡᠪᠡᠰᠦ ᠣᠪᠣᠭᠠᠯᠠᠵᠤ ᠲᠠᠯᠪᠢᠬᠤ ᠵᠡᠷᠭᠡ ᠠᠵᠢᠯ ᠢ ᠬᠢᠵᠦ ᠪᠣᠯᠬᠤ ᠥᠬᠡᠶ᠂ ᠵᠢᠱᠢᠶᠡᠯᠡᠪᠡᠯ ᠬᠤᠪᠢ ᠬᠥᠮᠦᠨ ᠤ ᠦᠢᠯᠡ ᠠᠵᠢᠯᠯᠠᠭ᠎ᠠ ᠠᠴᠠ ᠪᠣᠯᠵᠣ ᠲᠡᠤᠬᠡ ᠶᠢᠨ ᠳᠤᠷᠠᠰᠬᠠᠯᠲᠤ ᠵᠦᠢᠯ ᠢ ᠰᠦᠢᠳᠬᠡᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠮᠢᠶ᠎ᠠ ᠪᠥᠬᠦᠶ ᠬᠥᠮᠦᠰ ᠤᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃
        ᠲᠤᠰ ᠠᠵᠢᠯᠯᠠᠭ᠎ᠠ ᠳᠤ ᠱᠠᠩᠨᠠᠯ ᠲᠠᠢ ᠬᠠᠷᠢᠯᠴᠠᠨ ᠬᠥᠳᠡᠯᠦᠯᠴᠡᠬᠦ ᠭᠤᠭᠴᠤᠭ᠎ᠠ ᠭᠠᠷᠭᠠᠵᠤ᠂ ᠤᠯᠠᠭᠠᠨᠮᠥ᠋ᠴᠢᠷ ᠤᠨ ᠭᠡᠰᠢᠭᠦᠳ ᠪᠠᠰᠠ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠣᠷᠣᠨ ᠨᠤᠲᠤᠭ ᠤᠨ ᠵᠢᠵᠢᠭ ᠰᠢ ᠵᠡᠷᠭᠡ ᠭᠤᠶᠢᠳᠠ ᠰᠠᠶᠢᠬᠠᠨ ᠲᠣᠭᠯᠠᠯᠲᠠ ᠶᠢ ᠠᠪᠴᠢᠷᠠᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠪᠠ᠃                                          ᠨᠠᠶᠢᠷᠠᠭᠤᠯᠤᠭᠴᠢ᠄   ᠶᠠᠩ  ᠿᠦᠢ ᠵᠧᠨ                                          ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2