ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠲᠤ ᠥᠭᠭᠦᠭᠰᠡᠨ ᠨᠢᠭᠡ ᠬᠤᠪᠢ ᠵᠠᠬᠢᠳᠠᠯ︕
ᠨᠡᠶᠢᠲᠡᠯᠡᠭᠰᠡᠨ ᠴᠠᠭ᠄
2024/5/25
  ᠬᠠᠢᠷᠠᠲᠤ ᠰᠤᠷᠤᠭᠴᠢᠳ ᠮᠢᠨᠢ᠄    ᠲᠠ ᠰᠠᠶᠢᠨ ᠤᠤ︕    ᠴᠠᠭ ᠮᠥᠴᠡ ᠢᠳᠡᠭ ᠢᠳᠡᠭ ᠢᠶᠠᠷ ᠥᠩᠭᠡᠷᠡᠵᠦ᠂ ᠵᠠᠯᠠᠭᠤ ᠨᠠᠰᠤ ᠳᠠᠭᠤᠤ ᠮᠡᠲᠦ᠃ ᠲᠠ ᠤᠳᠠᠯ ᠦᠭᠡᠢ ᠰᠢᠨ᠎ᠡ ᠰᠤᠷᠤᠯᠭ᠎ᠠ ᠶᠢ ᠡᠷᠡᠮᠡᠯᠵᠡᠬᠦ ᠬᠦᠰᠡᠯ ᠵᠡᠭᠦᠳᠦ ᠪᠠᠨ ᠲᠡᠷᠭᠡᠯᠰᠢᠭᠦᠯᠬᠦ ᠠᠶᠠᠨ ᠳᠤ ᠮᠣᠷᠳᠠᠬᠤ ᠭᠡᠵᠦ ᠪᠠᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢ ᠲᠡᠳᠬᠦᠬᠦ ᠲᠥᠪ ᠠᠴᠠ ᠲᠠᠨ ᠳᠤ ᠬᠠᠮᠤᠭ ᠤᠨ ᠴᠢᠩ ᠦᠨᠡᠨᠴᠢ ᠮᠡᠨᠳᠦᠴᠢᠯᠡᠯ ᠪᠠ ᠬᠠᠮᠤᠭ ᠤᠨ ᠰᠠᠶᠢᠨ ᠰᠠᠶᠢᠬᠠᠨ ᠵᠥᠩᠨᠡᠯ ᠳᠡᠪᠰᠢᠭᠦᠯᠦᠶ᠎ᠡ︕    ᠵᠠᠯᠠᠭᠤᠴᠤᠳ ᠪᠠᠭᠠᠴᠤᠳ ᠪᠣᠯ ᠤᠯᠤᠰ ᠤᠨ ᠢᠷᠡᠭᠡᠳᠦᠢ᠂ ᠦᠨᠳᠦᠰᠦᠲᠡᠨ ᠤ ᠬᠦᠰᠡᠯ ᠡᠷᠡᠮᠡᠯᠵᠡᠯ ᠮᠥᠨ᠃ ᠲᠠᠨ ᠤ ᠦᠰᠦᠨ ᠪᠤᠶᠢᠵᠢᠯᠲᠠ ᠶᠢᠨ ᠶᠠᠪᠤᠴᠠ ᠳᠤ᠂ ᠡᠴᠢᠭᠡ ᠡᠬᠡ᠂ ᠪᠠᠭᠰᠢ ᠶᠢᠨ ᠬᠠᠶᠢᠷ᠎ᠠ ᠬᠠᠯᠠᠮᠵᠢ ᠪᠠ ᠵᠢᠭᠠᠨ ᠰᠤᠷᠭᠠᠯᠲᠠ ᠲᠠᠢ ᠪᠠᠶᠢᠬᠤ ᠪᠠᠷ ᠪᠠᠷᠠᠬᠤ ᠦᠭᠡᠢ᠂ ᠪᠠᠰᠠ ᠨᠠᠮ ᠪᠠ ᠤᠯᠤᠰ ᠤᠨ ᠰᠤᠷᠤᠭᠴᠢᠳ ᠢ ᠲᠤᠰᠠᠯᠠᠬᠤ ᠲᠦᠷᠦ ᠶᠢᠨ ᠪᠤᠳᠤᠯᠭ᠎ᠠ ᠶᠢᠨ ᠪᠠᠲᠤᠯᠠᠭ᠎ᠠ ᠲᠠᠢ ᠪᠠᠶᠢᠬᠤ ᠬᠡᠷᠡᠭᠲᠡᠢ᠃ ᠨᠢᠭᠡ ᠰᠣᠷᠣᠭᠴᠢ ᠶᠢ ᠬᠡᠷ ᠪᠦᠯᠢ ᠶᠢᠨ ᠠᠵᠤ ᠠᠬᠤᠶ ᠨᠢ ᠬᠦᠴᠢᠷᠳᠡᠯ ᠠᠴᠠ ᠪᠣᠯᠵᠣ ᠰᠤᠷᠤᠯᠭ᠎ᠠ ᠠᠯᠳᠠᠭᠰᠠᠨ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠰᠤᠷᠤᠭᠴᠢᠳ ᠢ ᠵᠣᠭᠤᠰ ᠢᠶᠠᠷ ᠲᠤᠰᠠᠯᠠᠬᠤ ᠪᠦᠷᠢᠨ ᠲᠡᠭᠦᠯᠳᠡᠷ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠵᠤ᠂ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠠᠶᠠᠯᠠᠯ ᠳᠤ ᠳᠠᠯᠳᠠ ᠵᠢᠭᠦᠷ ᠤᠷᠭᠤᠭᠤᠯᠵᠤ ᠥᠭᠪᠡ᠃    ᠬᠡᠷᠪᠡ ᠴᠢ ᠠᠯᠪᠠᠨ ᠠᠴᠠ ᠡᠷᠬᠢᠯᠡᠭᠰᠡᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠰᠦᠢᠳᠬᠡᠯ ᠢ ᠪᠦᠬᠦᠨ ᠢ ᠬᠡᠯᠲᠦᠷᠢᠭᠦᠯᠬᠦ ᠶᠢᠨ ᠬᠠᠮᠲᠤ ᠬᠢᠴᠢᠶᠡᠯ ᠤᠨ ᠪᠢᠴᠢᠭ ᠢ ᠰᠦᠢᠳᠬᠡᠯ ᠬᠤᠷᠢᠶᠠᠬᠤ ᠦᠭᠡᠶ ᠪᠠᠷ ᠬᠠᠩᠭᠠᠬᠤ ᠪᠣᠯᠤᠨ᠎ᠠ ᠬᠡᠷᠪᠡ ᠲᠠ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠪᠣᠯ ᠵᠢᠯ ᠪᠦᠷᠢ 2000 ᠲᠥᠭᠦᠷᠢᠭ ᠤᠨ ᠪᠠᠷᠢᠮᠵᠢᠶ᠎ᠠ ᠪᠠᠷ ᠰᠤᠷᠤᠯᠭ᠎ᠠ ᠶᠢᠨ ᠰᠦᠢᠳᠬᠡᠯ ᠢ ᠨᠢ ᠬᠡᠯᠲᠦᠷᠢᠭᠦᠯᠬᠦ ᠶᠢᠨ ᠬᠠᠮᠲᠤ ᠬᠢᠴᠢᠶᠡᠯ ᠤᠨ ᠪᠢᠴᠢᠭ ᠢ ᠰᠦᠢᠳᠬᠡᠯ ᠬᠤᠷᠢᠶᠠᠬᠤ ᠦᠭᠡᠶ ᠪᠠᠷ ᠬᠠᠩᠭᠠᠬᠤ ᠪᠣᠯᠤᠨ᠎ᠠ᠃ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠭᠡᠷ ᠪᠦᠯᠢ ᠳᠤ ᠬᠠᠷᠢᠶᠠᠯᠠᠭᠳᠠᠬᠤ ᠰᠤᠷᠤᠭᠴᠢ᠂ ᠬᠤᠶᠠᠷ ᠤᠨ ᠬᠤᠭᠤᠷᠣᠨᠳᠣ ᠪᠠᠶᠢᠭ᠎ᠠ ᠭᠡᠷ ᠪᠦᠯᠢ ᠶᠢᠨ ᠰᠤᠷᠤᠭᠴᠢ᠂ ᠭᠡᠨᠡᠳᠲᠡ ᠶᠢᠨ ᠬᠦᠨᠳᠦ ᠨᠣᠴᠢᠲᠠᠶ ᠬᠦᠴᠢᠷᠳᠡᠯ ᠲᠠᠢ ᠭᠡᠷ ᠪᠦᠯᠢ ᠶᠢᠨ ᠰᠤᠷᠤᠭᠴᠢ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠭᠡᠷ ᠪᠦᠯᠢ ᠶᠢᠨ ᠰᠤᠷᠤᠭᠴᠢ᠂ ᠣᠨᠴᠠ ᠬᠦᠴᠢᠷᠳᠡᠯᠲᠡᠶ ᠰᠤᠷᠤᠭᠴᠢᠳ ᠢ ᠠᠰᠠᠷᠠᠨ ᠲᠡᠵᠢᠭᠡᠵᠦ ᠪᠠᠶᠢᠭ᠎ᠠ ᠰᠤᠷᠤᠭᠴᠢ᠂ ᠥᠨᠥᠴᠢᠨ ᠬᠡᠦᠬᠡᠳ ︵ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠢ︶ ᠤᠨ ᠰᠤᠷᠤᠭᠴᠢ᠂ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ᠂ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠵᠡᠮᠳᠡᠭ ᠰᠤᠷᠤᠭᠴᠢ᠂ ᠵᠡᠮᠳᠡᠭᠴᠦᠳ ᠤᠨ ᠦᠷ᠎ᠡ ᠬᠡᠦᠬᠡᠳ᠂ ᠬᠦᠨᠳᠦ ᠬᠠᠷᠢᠴᠠᠩᠭᠤᠶ ᠰᠠᠨᠠᠭᠠᠨ ᠳᠤ ᠦᠭᠡᠢ ᠬᠦᠴᠢᠷᠳᠡᠯ ᠲᠠᠢ ᠠᠵᠢᠯᠲᠠᠨ ᠠᠵᠢᠯᠴᠢᠨ ᠤ ᠭᠡᠷ ᠪᠦᠯᠢ ᠶᠢᠨ ᠦᠷ᠎ᠡ ᠬᠡᠤᠬᠡᠳ ᠵᠢᠴᠢ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠪᠤᠰᠤᠳ ᠰᠤᠷᠤᠭᠴᠢ ᠪᠠᠰᠠ ᠪᠠᠶᠢᠭ᠎ᠠ ᠰᠤᠷᠭᠠᠭᠤᠯᠢ ᠠᠴᠠ ᠪᠠᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠭᠤᠶᠤᠴᠢᠯᠠᠵᠤ ᠪᠣᠯᠤᠨ᠎ᠠ᠃    ᠬᠡᠷᠪᠡ ᠴᠢ ᠠᠯᠪᠠᠨ ᠠᠴᠠ ᠡᠷᠬᠢᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠰᠤᠷᠤᠯᠴᠠᠪᠠᠯ᠂ ᠰᠤᠷᠤᠯᠭ᠎ᠠ ᠶᠢᠨ ᠰᠦᠢᠳᠬᠡᠯ ᠢ ᠪᠦᠬᠦᠨ ᠢ ᠬᠡᠯᠲᠦᠷᠢᠭᠦᠯᠦᠨ᠎ᠡ ︵ᠣᠨᠴᠠᠭᠠᠶ ᠲᠥᠷᠥᠯ ᠤᠨ ᠲᠤᠰᠬᠠᠶ ᠮᠡᠷᠭᠡᠵᠢᠯ ᠤᠨ ᠰᠤᠷᠤᠭᠴᠢᠳ ᠤᠨ ᠰᠤᠷᠤᠯᠭ᠎ᠠ ᠶᠢᠨ ᠵᠠᠷᠤᠳᠠᠯ ᠢ 2000 ᠲᠥᠭᠦᠷᠢᠭ ᠤᠨ ᠪᠠᠷᠢᠮᠵᠢᠶᠠᠲᠤ ᠬᠡᠰᠡᠭ ᠠᠴᠠ ᠲᠣᠰ ᠬᠥᠮᠦᠨ ᠨᠢ ᠡᠭᠦᠷᠭᠡᠯᠡᠨ᠎ᠡ︶᠂ ᠰᠤᠷᠬᠤ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠨ᠎ᠠ︔ ᠬᠡᠷᠪᠡ ᠴᠢ ᠠᠷᠠᠳ ᠠᠴᠠ ᠡᠷᠬᠢᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠰᠤᠷᠤᠯᠴᠠᠪᠠᠯ᠂ ᠵᠢᠯ ᠪᠦᠷᠢ 2000 ᠲᠥᠭᠦᠷᠢᠭ ᠤᠨ ᠪᠠᠷᠢᠮᠵᠢᠶ᠎ᠠ ᠪᠠᠷ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠶᠢᠨ ᠬᠠᠮᠲᠤ ᠬᠢᠴᠢᠶᠡᠯ ᠤᠨ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠨ᠎ᠠ᠃ ᠲᠠᠷᠢᠶᠠᠯᠠᠬᠤ ᠮᠠᠯᠵᠢᠬᠤ ᠣᠷᠣᠨ ︵ᠰᠢᠶᠠᠨ ᠪᠠᠯᠭᠠᠰᠤ ᠪᠠᠭᠲᠠᠨ᠎ᠠ︶ ᠤ ᠰᠤᠷᠤᠭᠴᠢ᠂ ᠬᠤᠲᠠ ᠶᠢᠨ ᠲᠠᠷᠢᠶᠠᠯᠠᠩ ᠳᠤ ᠬᠤᠯᠪᠣᠭᠳᠠᠬᠤ ᠲᠤᠰᠬᠠᠶ ᠮᠡᠷᠭᠡᠵᠢᠯ ᠪᠣᠯᠤᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠪᠠᠶᠢᠭ᠎ᠠ ᠰᠤᠷᠭᠠᠭᠤᠯᠢ ᠠᠴᠠ ᠪᠠᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠭᠤᠶᠤᠴᠢᠯᠠᠵᠤ ᠪᠣᠯᠤᠨ᠎ᠠ᠂ ᠪᠠᠶᠢᠷᠢ ᠳᠤ ᠰᠠᠭᠤᠭ᠎ᠠ ᠰᠤᠷᠤᠭᠴᠢᠳ ᠪᠠᠰᠠ ᠪᠠᠶᠢᠷᠢ ᠳᠤ ᠰᠠᠭᠤᠬᠤ ᠰᠦᠢᠳᠬᠡᠯ ᠤᠨ ᠲᠤᠰᠠᠯᠠᠮᠵᠢ ᠬᠦᠷᠲᠡᠵᠦ ᠪᠣᠯᠤᠨ᠎ᠠ᠃ ᠰᠤᠷᠤᠯᠭ᠎ᠠ ᠶᠢᠨ ᠬᠢᠷᠢ ᠪᠦᠲᠦᠮᠵᠢ ᠨᠢ ᠰᠢᠯᠢᠳᠡᠭ᠂ ᠮᠡᠷᠭᠡᠵᠢᠯ ᠤᠨ ᠴᠢᠳᠠᠪᠤᠷᠢ ᠨᠢ ᠲᠣᠪᠤᠶᠢᠮ᠎ᠠ ᠪᠠᠶᠢᠭ᠎ᠠ ᠬᠠᠮᠲᠤ ᠰᠤᠷᠤᠭᠴᠢᠳ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠭᠤᠶᠤᠴᠢᠯᠠᠵᠤ ᠪᠣᠯᠤᠨ᠎ᠠ᠃    ᠠᠳᠡ ᠪᠢᠳᠡ ᠲᠠᠨ ᠳᠤ ᠣᠨᠴᠠᠭᠠᠶᠢᠯᠠᠨ ᠰᠠᠨᠠᠭᠤᠯᠬᠤ ᠨᠢ᠂ ᠵᠣᠨ ᠤ ᠠᠮᠠᠷᠠᠯᠲᠠ ᠪᠠ ᠰᠤᠷᠭᠠᠭᠤᠯᠢ ᠡᠬᠢᠯᠡᠬᠦ ᠤᠯᠠᠷᠢᠯ ᠳᠤ᠂ ᠰᠤᠷᠤᠯᠭ᠎ᠠ ᠶᠢᠨ ᠱᠠᠩᠨᠠᠯ ᠤᠨ ᠮᠥᠩᠭᠦ ᠣᠯᠭᠤᠬᠤ᠂ ᠬᠠᠭᠤᠳᠠᠰᠤ ᠪᠣᠳᠣᠵᠤ ᠠᠰᠢᠭ ᠣᠯᠭᠤᠬᠤ᠂ ᠪᠡᠯᠡ ᠣᠷᠣᠭᠤᠯᠵᠤ ᠡᠳ᠋ ᠤᠨ ᠶᠠᠪᠤᠳᠠᠯ ᠢ ᠬᠠᠮᠢᠶᠠᠷᠬᠤ ᠵᠡᠷᠭᠡ ᠪᠠᠷ ᠰᠢᠯᠲᠠᠭ ᠪᠣᠯᠭᠠᠬᠤ ᠪᠤᠶᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ ᠶᠢ ᠬᠠᠭᠤᠷᠮᠠᠭᠯᠠᠬᠤ᠂ ᠵᠣᠴᠢᠳ ᠲᠤ ᠦᠢᠯᠡᠴᠢᠯᠡᠬᠦ ᠵᠡᠷᠭᠡ ᠬᠡᠯᠪᠡᠷᠢ ᠪᠠᠷ ᠬᠢᠭᠰᠡᠨ ᠴᠠᠬᠢᠯᠭᠠᠨ ᠬᠤᠯᠪᠣᠭ᠎ᠠ᠂ ᠰᠦᠯᠵᠢᠶᠡᠨ ᠤ ᠮᠡᠬᠡᠯᠡᠯ ᠭᠠᠷᠴᠤ ᠮᠡᠳᠡᠨ᠎ᠡ᠃ ᠬᠡᠷᠪᠡ ᠮᠡᠬᠡᠯᠡᠯ ᠤᠨ ᠣᠬᠤᠷ ᠮᠡᠳᠡᠭᠡ᠂ ᠤᠲᠠᠰᠤ᠂ ᠸᠢᠴᠠᠲ᠂ QQ ᠮᠡᠳᠡᠭᠡ ᠵᠠᠩᠭᠢ ᠵᠡᠷᠭᠡ ᠶᠢ ᠣᠯᠪᠠᠯ᠂ ᠲᠠ ᠵᠠᠪᠠᠯ ᠨᠢᠳᠦ ᠪᠠᠨ ᠭᠢᠯᠠᠶᠢᠲᠠᠯ᠎ᠠ ᠠᠷᠴᠢᠵᠤ᠂ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠪᠠᠭᠰᠢ᠂ ᠬᠡᠷ ᠤᠨ ᠠᠬᠠᠮᠠᠳ ᠲᠠᠢ ᠴᠠᠭ ᠲᠤᠬᠠᠶ ᠳᠤᠨᠢ ᠨᠡᠪᠲᠡᠷᠡᠯᠴᠡᠵᠦ᠂ ᠬᠤᠪᠢ ᠬᠥᠮᠦᠨ ᠤ ᠮᠡᠳᠡᠭᠡ ᠵᠠᠩᠭᠢ ᠶᠢ ᠵᠠᠳᠠᠷᠠᠭᠤᠯᠵᠤ ᠪᠣᠯᠬᠤ ᠥᠬᠡᠶ᠂ ᠨᠠᠩ ᠴᠤ ᠲᠠᠨᠢᠯ ᠪᠤᠰᠤ ᠬᠥᠮᠦᠨ ᠳᠤ ᠲᠠᠩᠰᠠ ᠰᠢᠯᠵᠢᠭᠦᠯᠵᠦ ᠪᠣᠯᠬᠤ ᠥᠬᠡᠶ᠂ ᠮᠡᠬᠡᠯᠡᠭᠳᠡᠬᠦ ᠠᠴᠠ ᠵᠠᠶᠢᠯᠠᠰᠬᠢᠬᠦ ᠬᠡᠷᠡᠭᠲᠡᠶ᠃    ᠬᠡᠷᠪᠡ ᠲᠠ ᠤᠯᠤᠰ ᠤᠨ ᠰᠤᠷᠤᠭᠴᠢᠳ ᠢ ᠲᠤᠰᠠᠯᠠᠬᠤ ᠨᠠᠩ ᠣᠯᠠᠨ ᠲᠥᠷᠥ ᠶᠢᠨ ᠪᠣᠳᠣᠯᠭ᠎ᠠ ᠶᠢ ᠣᠶᠢᠯᠠᠭᠠᠶ᠎ᠠ ᠭᠡᠵᠦ ᠪᠣᠳᠣᠵᠤ ᠪᠠᠶᠢᠪᠠᠯ ᠰᠤᠷᠤᠯᠴᠠᠵᠤ ᠪᠠᠶᠢᠭ᠎ᠠ ᠰᠤᠷᠭᠠᠭᠤᠯᠢ ᠪᠤᠶᠤ ᠲᠤᠬᠠᠶ ᠶᠢᠨ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠠᠰᠠᠭᠤᠨ ᠯᠠᠪᠯᠠᠵᠤ ᠪᠣᠯᠤᠨ᠎ᠠ᠃    ᠲᠠ ᠡᠨᠡ ᠵᠠᠬᠢᠳᠠᠯ ᠢ ᠤᠩᠰᠢᠵᠤ ᠪᠠᠷᠠᠭᠰᠠᠨ ᠤ ᠳᠠᠷᠠᠭ᠎ᠠ᠂ ᠠᠪᠤ ᠡᠵᠢ ᠲᠠᠢ ᠪᠠᠨ ᠪᠠᠨ ᠬᠤᠪᠢᠶᠠᠯᠴᠠᠵᠤ᠂ ᠰᠤᠷᠤᠭᠴᠢᠳ ᠲᠤ ᠲᠤᠰᠠᠯᠠᠮᠵᠢ ᠦᠵᠡᠭᠦᠯᠬᠦ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ ᠲᠡᠳᠡᠨ ᠤ ᠠᠵᠤ ᠠᠬᠤᠶ ᠶᠢᠨ ᠲᠠᠯ᠎ᠠ ᠶᠢᠨ ᠵᠣᠪᠠᠨᠢᠯ ᠢ ᠠᠷᠢᠯᠭᠠᠵᠠᠶ᠃                                     ᠥᠪᠥᠷ ᠣᠩᠭᠤᠯ ᠤᠨ ᠥᠪᠡᠷᠲᠡᠭᠡᠨ ᠵᠠᠰᠠᠬᠤ ᠣᠷᠣᠨ ᠶᠢᠨ                                          ᠰᠤᠷᠤᠯᠭ᠎ᠠ ᠶᠢ ᠲᠡᠳᠭᠦᠬᠦ ᠲᠥᠪ                                      2024 ᠣᠨ ᠤ 5 ᠰᠠᠷ᠎ᠠ ᠶᠢᠨ 23 ᠤ ᠡᠳᠦᠷ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2