ᠸᠧᠢ ᠰᠢᠶᠤᠤ ᠹᠸᠢ : ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠲᠡᠭᠡᠳᠦᠯᠡᠨ‌ᠤᠢ ᠰᠢᠭᠤᠢ ᠶᠢ ᠰᠠᠬᠢᠨ ᠬᠠᠮᠠᠭᠠᠯᠠᠵᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠎ᠡ
ᠨᠡᠶᠢᠲᠡᠯᠡᠭᠰᠡᠨ ᠴᠠᠭ᠄
2024/5/29
   ᠸᠧᠢ ᠰᠢᠶᠤᠤ ᠹᠸᠢ᠂ ᠯᠢᠶᠠᠩᠴᠧᠩ ᠰᠢᠶᠠᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠤᠢ ᠰᠢᠭᠤᠢ ᠶᠢᠨ ᠰᠡᠷᠭᠡᠶᠢᠯᠡᠯᠲᠡ ᠶᠢᠨ ᠦᠷᠳᠡᠭᠡ ᠶᠢᠨ ᠳᠠᠷᠤᠭ᠎ᠠ᠂ ᠲᠡᠷᠡ ᠤᠬ ᠰᠠᠨᠠᠭ᠎ᠠ ᠪᠠᠨ ᠦᠯᠦ ᠮᠠᠷᠲᠠᠵᠤ᠂ ᠮᠠᠨ ᠤ ᠰᠢᠶᠠᠨ ᠤ ᠤᠢ ᠰᠢᠭᠤᠢ ᠶᠢᠨ ᠦᠢᠯᠡᠰ ᠲᠤ ᠢᠳᠡᠪᠬᠢᠲᠡᠢ ᠣᠷᠣᠯᠴᠠᠵᠤ᠂ ᠤᠢ ᠰᠢᠭᠤᠢ ᠶᠢᠨ ᠦᠢᠯᠡᠰ ᠤᠨ ᠡᠯ᠎ᠡ ᠵᠦᠢᠯ ᠤᠨ ᠲᠤᠰᠬᠠᠢ ᠮᠡᠷᠭᠡᠵᠢᠯ ᠢ ᠴᠥᠬᠦᠷᠡᠰᠢ ᠦᠭᠡᠢ ᠰᠤᠷᠤᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠤᠢ ᠰᠢᠭᠤᠢ ᠶᠢᠨ ᠠᠵᠢᠯᠳᠠᠨ ᠤ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠦᠭᠡ ᠳᠠᠭᠤᠨ ᠦᠭᠡᠢ ᠤᠢ ᠰᠢᠭᠤᠢ ᠶᠢᠨ ᠰᠡᠷᠭᠡᠶᠢᠯᠡᠯᠲᠡ ᠶᠢᠨ ᠡᠮᠦᠨ᠎ᠡ ᠹᠷᠣᠨᠲ ᠲᠤ ᠠᠷᠪᠠᠨ ᠬᠡᠳᠦᠨ ᠵᠢᠯ ᠬᠤᠪᠢ ᠨᠡᠮᠡᠷᠢ ᠦᠵᠡᠭᠦᠯᠵᠦ᠂ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠪᠠᠷ ᠯᠢᠶᠠᠩᠴᠧᠩ ᠰᠢᠶᠠᠨ ᠤ ᠬᠥᠬᠡᠮᠳᠦᠭ ᠨᠣᠭᠤᠭᠠᠨ ᠠᠭᠤᠯᠠ ᠤᠰᠤ ᠶᠢ ᠰᠠᠬᠢᠨ ᠬᠠᠮᠠᠭᠠᠯᠠᠵᠤ ᠪᠤᠢ᠃
       5 ᠳ᠋ᠤᠭᠠᠷ ᠰᠠᠷ᠎ᠠ ᠳᠤ ᠣᠷᠣᠭᠰᠠᠨ ᠠᠴᠠ  ᠨᠠᠰᠢ᠂ ᠠᠭᠠᠷ ᠤᠨ ᠳᠤᠯᠠᠭᠠᠨ ᠲᠠᠰᠤᠷᠠᠯᠲᠠ ᠦᠭᠡᠢ  ᠲᠡᠭᠰᠢᠯᠡᠬᠦ ᠶᠢ ᠳᠠᠭᠠᠯᠳᠤᠨ᠂ ᠡᠯ᠎ᠡ ᠲᠥᠷᠥᠯ ᠤᠨ ᠣᠢ  ᠰᠢᠭᠤᠢ ᠶᠢᠨ ᠬᠥᠨᠥᠭᠡᠯᠲᠦ ᠠᠮᠢᠳᠤ ᠪᠣᠳᠠᠰ ᠵᠠᠯᠭᠠᠯᠳᠤᠭ᠎ᠠ ᠪᠠᠷ ᠬᠤᠣᠷ ᠬᠥᠨᠥᠭᠡᠯᠲᠦ ᠬᠤᠭᠤᠴᠠᠭᠠᠨ ᠳᠤ ᠣᠷᠣᠵᠤ᠂  ᠸᠧᠶ ᠰᠢᠶᠤᠤ ᠹᠸᠢ ᠠᠵᠢᠯ ᠤᠨ ᠲᠠᠯ᠎ᠠ ᠪᠠᠷ ᠲᠠᠨᠢᠯᠴᠠᠭᠤᠯᠬᠤ ᠳᠠᠭᠠᠨ᠂ ᠣᠳᠣᠬᠠᠨ ᠳᠤ ᠨᠢᠭᠡᠨᠲᠡ 1500 ᠮᠥ ᠠᠷᠠᠰᠤᠨ ᠤ ᠬᠠᠯᠢᠰᠤᠨ ᠡᠪᠡᠳᠴᠢᠨ ᠢ ᠰᠡᠷᠭᠡᠶᠢᠯᠡᠨ ᠵᠠᠰᠠᠵᠤ᠂ 6100 ᠮᠥ ᠨᠠᠪᠴᠢ ᠵᠤᠯᠭᠠᠷᠠᠬᠤ ᠨᠠᠷᠠᠰᠤᠨ ᠮᠣᠳᠣᠨ ᠤ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠪᠠ 5000 ᠮᠥ ᠰᠢᠷ᠎ᠠ ᠬᠠᠷᠭᠠᠨ᠎ᠠ ᠶᠢᠨ ᠰᠠᠬᠤᠯᠢᠭ ᠬᠤᠷᠣᠬᠠᠶ ᠶᠢ ᠰᠡᠷᠭᠡᠶᠢᠯᠡᠨ ᠵᠠᠰᠠᠬᠤ ᠠᠵᠢᠯ ᠢ ᠪᠡᠶᠡᠯᠡᠭᠦᠯᠦᠭᠰᠡᠨ ᠪᠠᠶᠢᠨ᠎ᠠ᠃
       ᠠᠵᠢᠯ ᠳᠤ ᠣᠷᠣᠯᠴᠠᠭᠰᠠᠨ ᠠᠴᠠ ᠨᠠᠭᠠᠰᠢ᠂ ᠸᠧᠢ ᠰᠢᠶᠤᠤ ᠹᠸᠢ ᠲᠠᠰᠤᠷᠠᠯᠲᠠ ᠦᠭᠡᠢ ᠰᠤᠷᠤᠯᠴᠠᠬᠤ ᠪᠠ ᠤᠷᠳᠤ ᠬᠤᠭᠤᠴᠠᠭᠠᠨ ᠤ ᠦᠢᠯᠡᠳᠦᠯᠭᠡ ᠪᠠᠷ ᠳᠠᠮᠵᠢᠨ᠂ ᠤᠢ ᠰᠢᠭᠤᠢ ᠶᠢᠨ ᠢᠨᠵᠧᠨᠧᠷᠢᠩ ᠤᠨ ᠣᠶᠢᠵᠢᠭᠤᠯᠬᠤ ᠵᠢᠴᠢ ᠵᠢᠷᠤᠭ ᠲᠥᠯᠥᠪᠯᠡᠭᠡ ᠶᠢᠨ ᠲᠥᠯᠥᠪᠵᠢᠭᠦᠯᠭᠡ ᠶᠢᠨ ᠲᠠᠯ᠎ᠠ ᠪᠠᠷ ᠪᠠᠲᠤ ᠪᠠᠬᠢ ᠰᠠᠭᠤᠷᠢ ᠵᠢᠴᠢ ᠦᠢᠯᠡᠳᠦᠯᠭᠡ ᠶᠢᠨ ᠴᠢᠨᠠᠷᠲᠠᠢ ᠲᠤᠷᠰᠢᠯᠭ᠎ᠠ ᠶᠢ ᠲᠠᠯᠪᠢᠭᠰᠠᠨ ᠪᠠᠶᠢᠨ᠎ᠠ᠃ ᠢᠯᠠᠩᠭᠤᠶ᠎ᠠ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠣᠢ ᠰᠢᠭᠤᠶ ᠶᠢᠨ ᠰᠡᠷᠭᠡᠶᠢᠯᠡᠯᠲᠡ ᠶᠢᠨ ᠥᠷᠲᠡᠭᠡ ᠳᠤ ᠠᠵᠢᠯᠯᠠᠵᠤ ᠪᠠᠶᠢᠭ᠎ᠠ ᠬᠤᠭᠤᠴᠠᠭᠠᠨ ᠳᠤ᠂ ᠣᠢ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠢ ᠬᠢᠨᠠᠨ ᠬᠡᠮᠵᠢᠬᠦ᠂ ᠬᠢᠵᠢᠭ ᠪᠠᠶᠢᠴᠠᠭᠠᠬᠤ᠂ ᠰᠡᠷᠭᠡᠶᠢᠯᠡᠨ ᠵᠠᠰᠠᠬᠤ ᠲᠠᠯ᠎ᠠ ᠪᠠᠷ ᠲᠤᠬᠠᠶᠢᠯᠠᠭᠰᠠᠨ ᠠᠵᠢᠯ ᠤᠨ ᠮᠡᠳᠡᠯᠭᠡ ᠶᠢ ᠨᠡᠩ ᠣᠯᠠᠨ ᠰᠤᠷᠤᠯᠴᠠᠵᠤ᠂ ᠡᠷᠬᠢᠮ ᠨᠠᠨᠳᠢᠨ ᠠᠵᠢᠯ ᠤᠨ ᠲᠤᠷᠰᠢᠯᠭ᠎ᠠ ᠬᠤᠷᠠᠮᠳᠤᠭᠤᠯᠵᠤ᠂ ᠣᠶᠢᠵᠢᠭᠤᠯᠬᠤ ᠥᠷᠲᠡᠭᠡ ᠶᠢᠨ ᠠᠵᠢᠯ ᠤᠨ ᠬᠤᠭᠤᠴᠠᠭᠠᠨ ᠳᠤ᠂ ᠲᠡᠷᠡ ᠣᠶᠢᠵᠢᠭᠤᠯᠤᠯᠲᠠ ᠶᠢᠨ ᠵᠢᠷᠤᠭ ᠲᠥᠯᠥᠪᠯᠡᠭᠡ ᠠᠴᠠ ᠢᠨᠵᠧᠨᠧᠷᠢᠩ ᠤᠨ ᠭᠠᠵᠠᠷ ᠲᠡᠭᠰᠢᠯᠡᠬᠦ᠂ ᠲᠠᠷᠢᠵᠤ ᠤᠷᠭᠤᠭᠤᠯᠬᠤ᠂ ᠠᠷᠠᠴᠢᠯᠠᠨ ᠪᠤᠶᠢᠵᠢᠭᠤᠯᠬᠤ ᠵᠡᠷᠭᠡ ᠠᠵᠢᠯ ᠤᠨ ᠨᠢᠭᠡᠳᠦᠭᠡᠷ ᠹᠷᠣᠨᠲ ᠠᠴᠠ ᠭᠠᠷᠳᠠᠵᠤ᠂ ᠰᠤᠷᠤᠯᠴᠠᠬᠤ ᠶᠢᠨ ᠳᠠᠭᠠᠤ ᠬᠤᠷᠠᠮᠳᠤᠭᠤᠯᠤᠨ ᠳᠡᠭᠡᠭᠰᠢᠯᠡᠭᠦᠯᠵᠦ᠂ ᠣᠶᠢᠵᠢᠭᠤᠯᠤᠯᠲᠠ ᠶᠢᠨ ᠡᠳᠡᠭᠡᠷᠡᠯᠲᠡ ᠶᠢᠨ ᠨᠣᠷᠮ᠎ᠠ ᠶᠢ ᠳᠡᠭᠡᠭᠰᠢᠯᠡᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠸᠧᠶ ᠰᠢᠶᠣᠤ ᠹᠸᠢ ᠤᠷᠢᠳ ᠬᠤᠵᠢᠳ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠤᠨ ᠮᠠᠨ ᠤ ᠰᠢᠶᠠᠨ ᠤ 2008 ᠣᠨ ᠤ ᠲᠠᠷᠢᠶᠠᠯᠠᠬᠤ ᠶᠢ ᠵᠣᠭᠰᠣᠭᠠᠵᠤ ᠣᠢ ᠰᠢᠭᠤᠶ ᠶᠢ ᠰᠡᠷᠭᠦᠭᠡᠬᠦ ᠲᠥᠷᠥᠯ ᠵᠦᠢᠯ ᠤᠨ ᠠᠵᠢᠯ ᠤᠨ ᠵᠢᠷᠤᠭ ᠲᠥᠯᠥᠪᠯᠡᠭᠡ ᠳᠤ ᠣᠷᠣᠯᠴᠠᠪᠠ᠃ ᠤᠯᠠᠭᠠᠨᠴᠠᠪ ᠬᠤᠲᠠ ᠶᠢᠨ ᠯᠢᠶᠠᠩᠴᠧᠩ ᠰᠢᠶᠠᠨ ᠤ 2008 ᠣᠨ ᠤ ᠣᠶ ᠰᠢᠭᠤᠶ - ᠳᠤᠮᠳᠠᠳᠤ ᠤᠯᠤᠰ ᠤᠨ ᠴᠢᠯᠠᠭᠤᠨ ᠲᠣᠰᠣᠨ ᠤ ᠣᠢ ᠰᠢᠭᠤᠶ ᠶᠢᠨ ᠨᠢᠭᠡ ᠴᠣᠭᠴᠠᠵᠢᠭᠤᠯᠤᠭᠰᠠᠨ ᠠᠮᠢᠳᠤ ᠪᠣᠳᠠᠰ ᠤᠨ ᠴᠠᠶᠢᠶ᠋ᠢᠤ ᠶᠢᠨ ᠬᠡᠭᠡᠷ᠎ᠡ ᠶᠢᠨ ᠲᠠᠤᠯᠠᠢ ᠶᠢᠨ ᠪᠥᠭᠡᠷ᠎ᠡ ᠶᠢᠨ ᠲᠦᠭᠦᠬᠡᠶ ᠮᠠᠲ᠋ᠧᠷᠢᠶᠠᠯ ᠤᠨ ᠣᠶ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠠᠵᠢᠯ ᠤᠨ ᠵᠢᠷᠤᠭ ᠲᠥᠯᠥᠪᠯᠡᠭᠡ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠡᠯᠪᠡᠭ ᠬᠤᠷᠢᠶᠠᠯᠲᠠ ᠶᠢᠨ ᠨᠢᠭᠡᠳᠦᠭᠡᠷ ᠳᠡᠰ ᠤᠨ ᠱᠠᠩᠨᠠᠯ 1᠂ ᠬᠤᠶᠠᠳᠤᠭᠠᠷ ᠳᠡᠰ ᠤᠨ ᠱᠠᠩᠨᠠᠯ 3᠂ 2017 ᠣᠨ ᠳᠤ᠂ ᠯᠢᠶᠠᠩᠴᠧᠩ ᠰᠢᠶᠠᠨ ᠤ ᠣᠶ ᠰᠢᠭᠤᠶ ᠶᠢᠨ ᠰᠡᠷᠭᠡᠶᠢᠯᠡᠯᠲᠡ ᠶᠢᠨ ᠥᠷᠲᠡᠭᠡ ᠶᠢᠨ ᠬᠡᠷᠡᠭᠵᠢᠭᠦᠯᠦᠭᠰᠡᠨ ︽ᠥᠪᠥᠷ ᠮᠣᠩᠭᠤᠯ ᠤᠨ ᠣᠶ ᠰᠢᠭᠤᠶ ᠶᠢᠨ ᠬᠤᠤᠷ ᠬᠥᠨᠥᠭᠡᠯ ᠲᠠᠢ ᠠᠮᠢᠳᠤ ᠪᠣᠳᠠᠰ ᠢ ᠰᠡᠷᠭᠡᠶᠢᠯᠡᠨ ᠵᠠᠰᠠᠵᠤ ᠳᠡᠯᠭᠡᠷᠡᠭᠦᠯᠦᠨ ᠬᠡᠷᠡᠭᠯᠡᠬᠦ︾ ᠲᠥᠷᠥᠯ  ᠵᠤᠶᠢᠯ‌ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠡᠯᠪᠡᠭ ᠬᠤᠷᠢᠶᠠᠯᠲᠠ ᠶᠢᠨ ᠬᠤᠶᠠᠳᠤᠭᠠᠷ ᠳᠡᠰ ᠤᠨ ᠱᠠᠩᠨᠠᠯ ᠭᠥᠷᠳᠡᠪᠡ᠃
       ︽ᠪᠢ 2009 ᠣᠨ ᠠᠴᠠ ᠡᠬᠢᠯᠡᠨ ᠠᠮᠢᠳᠤ ᠪᠣᠳᠠᠰ ᠤᠨ ᠰᠡᠷᠭᠡᠶᠢᠯᠡᠯᠲᠡ ᠶᠢᠨ ᠠᠵᠢᠯ ᠢ ᠬᠢᠵᠦ᠂ ᠠᠵᠢᠯ ᠤᠨ ᠬᠤᠭᠤᠴᠠᠭᠠᠨ ᠳᠤ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠲᠠᠯᠠᠪᠠᠶ ᠶᠢ ᠨᠡᠶᠢᠲᠡ 40 ᠭᠠᠷᠤᠶ ᠲᠦᠮᠡᠨ ᠮᠥ ᠳᠤ ᠬᠦᠷᠦᠭᠦᠯᠵᠦ᠂ ᠰᠡᠷᠭᠡᠶᠢᠯᠡᠨ ᠵᠠᠰᠠᠬᠤ ᠪᠠᠷ ᠳᠠᠮᠵᠢᠭᠤᠯᠤᠨ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠳᠡᠯᠭᠡᠷᠡᠬᠦ ᠶᠢ ᠤᠯᠠᠮ ᠨᠢᠭᠡ ᠠᠯᠬᠤᠮ ᠬᠤᠷᠢᠭᠯᠠᠵᠤ᠂ ᠤᠳᠠᠭ᠎ᠠ ᠪᠦᠷᠢ ᠶᠢᠨ ᠰᠡᠷᠭᠡᠶᠢᠯᠡᠨ ᠵᠠᠰᠠᠵᠤ ᠳᠠᠭᠤᠰᠤᠭᠰᠠᠨ ᠤ ᠳᠠᠷᠠᠭ᠎ᠠ᠂ ᠳᠠᠬᠢᠨ ᠪᠠᠶᠢᠴᠠᠭᠠᠯᠲᠠ ᠬᠢᠵᠦ᠂ ᠪᠠᠶᠢᠴᠠᠭᠠᠯᠲᠠ ᠬᠢᠵᠦ ᠪᠠᠷᠠᠭᠰᠠᠨ ᠤ ᠳᠠᠷᠠᠭ᠎ᠠ ᠮᠠᠰᠢ ᠶᠡᠭᠡ ᠠᠮᠵᠢᠯᠲᠠ ᠣᠯᠤᠭᠰᠠᠨ ᠲᠥᠷᠥᠭᠳᠡᠯ ᠲᠠᠢ ᠰᠠᠨᠠᠭᠳᠠᠵᠤ ᠪᠠᠶᠢᠨ᠎ᠠ᠂ ᠡᠳᠡᠭᠡᠷ ᠵᠢᠯ ᠤᠨ ᠠᠵᠢᠯ ᠢᠶᠠᠷ ᠳᠡᠮᠵᠢᠨ᠂ ᠪᠢᠳᠡ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠪᠥᠬᠦ ᠰᠢᠶᠠᠨ ᠤ ᠣᠶ ᠰᠢᠭᠤᠶ ᠶᠢᠨ ᠨᠠᠩ ᠰᠠᠶᠢᠨ ᠡᠷᠡᠭᠦᠯ ᠢᠶᠠᠷ ᠬᠥᠭᠵᠢᠬᠦ ᠶᠢ ᠬᠠᠮᠠᠭᠠᠯᠠᠨ᠎ᠠ︾ ᠭᠡᠵᠡᠶ᠃  ᠸᠧᠢ ᠰᠢᠶᠤᠤ ᠹᠸᠢ ᠰᠤᠷᠪᠤᠯᠵᠢᠯᠠᠭᠴᠢ ᠳᠤ  ᠢᠩᠭᠢᠵᠦ ᠬᠡᠯᠡᠨ᠎ᠡ᠃
       ᠣᠢ ᠰᠢᠭᠤᠶ ᠶᠢᠨ ᠰᠡᠷᠭᠡᠶᠢᠯᠡᠯᠲᠡ ᠶᠢᠨ ᠥᠷᠲᠡᠭᠡ ᠳᠤ ᠠᠵᠢᠯᠯᠠᠵᠤ ᠪᠠᠶᠢᠭ᠎ᠠ ᠬᠤᠭᠤᠴᠠᠭᠠᠨ ᠳᠤ᠂ ᠸᠧᠶ ᠰᠢᠶᠣᠤ ᠹᠸᠢ ᠵᠢᠯ ᠪᠦᠷᠢ ᠠᠵᠢᠯ ᠤᠨ ᠳ᠋ᠦᠩᠨᠡᠯᠲᠡ᠂ ᠦᠢᠯᠡᠳᠪᠦᠷᠢᠯᠡᠯ ᠤᠨ ᠴᠢᠨᠠᠷᠲᠠᠶ ᠤᠷᠢᠳᠴᠢᠯᠠᠭᠰᠠᠨ ᠮᠡᠳᠡᠭᠡ ᠵᠡᠷᠭᠡ ᠶᠢ ᠨᠠᠶᠢᠷᠠᠭᠤᠯᠤᠨ ᠪᠢᠴᠢᠵᠦ᠂ ᠴᠠᠭ ᠲᠤᠬᠠᠶ ᠳᠤᠨᠢ ᠤᠯᠤᠰ ᠤᠨ ᠬᠡᠮᠵᠢᠨ ᠮᠡᠳᠡᠭᠦᠯᠬᠦ ᠲᠥᠪ ᠲᠤ ᠬᠤᠷᠣᠬᠠᠶ ᠶᠢᠨ ᠪᠠᠶᠢᠳᠠᠯ ᠤᠨ ᠪᠠᠶᠢᠳᠠᠯ ᠵᠢᠴᠢ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠶᠢ ᠰᠢᠭᠤᠳ ᠮᠡᠳᠡᠭᠦᠯᠵᠦ᠂ ᠤᠷᠢᠳ ᠬᠤᠵᠢᠳ ᠯᠢᠶᠠᠩᠴᠧᠩ ᠰᠢᠶᠠᠨ ᠤ ᠣᠢ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠲᠥᠰᠦᠯ ᠵᠢᠴᠢ ᠬᠡᠷᠡᠭᠵᠢᠭᠦᠯᠬᠦ ᠲᠥᠰᠦᠯ ᠢ ᠡᠷᠬᠢᠯᠡᠨ ᠨᠠᠶᠢᠷᠠᠭᠤᠯᠪᠠ᠃ ᠯᠢᠶᠠᠩᠴᠧᠩ ᠰᠢᠶᠠᠨ ᠤ 2015 ᠣᠨ ᠤ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠨᠡᠶᠢᠳᠡᠮ ᠪᠠᠶᠢᠴᠠᠭᠠᠯᠲᠠ ᠳᠤ ᠡᠭᠦᠰᠦᠭᠰᠡᠨ ᠰᠡᠷᠭᠡᠶᠢᠯᠡᠨ ᠵᠠᠰᠠᠬᠤ ᠬᠢᠵᠢᠭ ᠪᠠᠶᠢᠴᠠᠭᠠᠬᠤ ᠠᠵᠢᠯ ᠤᠨ ᠳ᠋ᠦᠩᠨᠡᠯᠲᠡ ᠶᠢ ᠪᠡᠶ᠎ᠡ ᠪᠠᠨ ᠳᠠᠭᠠᠭᠠᠵᠤ ᠪᠡᠶᠡᠯᠡᠭᠦᠯᠪᠡ᠃ ᠯᠢᠶᠠᠩᠴᠧᠩ ᠰᠢᠶᠠᠨ ᠤ ᠣᠶ ᠰᠢᠭᠤᠶ ᠶᠢᠨ ᠬᠠᠮᠠᠭᠠᠯᠠᠯᠲᠠ ᠶᠢᠨ ᠥᠷᠲᠡᠭᠡ ᠶᠢᠨ ᠬᠡᠷᠡᠭᠵᠢᠭᠦᠯᠦᠭᠰᠡᠨ ︽ᠥᠪᠥᠷ ᠮᠣᠩᠭᠤᠯ ᠤᠨ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠵᠢᠱᠢᠶ᠎ᠡ ᠦᠵᠡᠭᠦᠯᠬᠦ ᠪᠠ ᠳᠡᠯᠭᠡᠷᠡᠭᠦᠯᠦᠨ ᠬᠡᠷᠡᠭᠯᠡᠬᠦ︾ ᠲᠥᠷᠥᠯ ᠵᠦᠢᠯ ᠢ ᠪᠡᠶᠡᠯᠡᠭᠦᠯᠦᠨ᠎ᠡ᠃ ᠯᠢᠶᠠᠩᠴᠧᠩ ᠰᠢᠶᠠᠨ ᠤ 2019 - 2020 ᠣᠨ ᠤ ᠣᠶ ᠰᠢᠭᠤᠶ ᠶᠢᠨ ᠳᠠᠭᠠᠳᠬᠠᠯ ᠤᠨ ᠭᠠᠮᠰᠢᠭ ᠤᠨ ᠳᠠᠷᠠᠭᠠᠬᠢ ᠵᠠᠰᠠᠯᠲᠠ ᠵᠢᠴᠢ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠳᠤ ᠣᠷᠣᠯᠴᠠᠨ᠎ᠠ᠃                                   ᠨᠠᠶᠢᠷᠠᠭᠤᠯᠤᠭᠴᠢ᠄  ᠯᠢ ᠬᠤᠩ ᠢᠦᠢ                                     ᠤᠷᠴᠢᠭᠤᠯᠤᠭᠴᠢ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2