【 ᠪᠢᠳᠡᠨ ᠤ ᠪᠠᠶᠠᠷ ᠤᠨ ᠡᠳᠦᠷ 】 ᠯᠢᠶᠠᠩᠴᠧᠩ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠄ ︽ᠽᠦᠩᠽᠢ︾ ᠨᠠᠰᠤᠲᠠᠨ ᠢ ᠠᠰᠠᠷᠠᠬᠤ ᠬᠦᠷᠢᠶᠡᠯᠡᠩ ᠳᠤ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/5/30
   ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠠᠪᠰᠤᠷᠬᠤ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮ ᠨᠢᠭᠡ ᠠᠯᠬᠤᠮ ᠪᠠᠳᠠᠷᠠᠭᠤᠯᠤᠨ ᠤᠯᠠᠮᠵᠢᠯᠠᠬᠤ ᠶᠢᠨ ᠲᠥᠯᠥᠭᠡ᠂ 5 ᠰᠠᠷ᠎ᠠ ᠶᠢᠨ 29᠎ ᠤ ᠡᠳᠦᠷ᠂ ᠯᠢᠶᠠᠩᠴᠧᠩ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠠᠷᠠᠳ ᠤᠨ ᠶᠠᠪᠤᠳᠠᠯ ᠤᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠴᠠ ᠯᠢᠶᠠᠩᠴᠧᠩ ᠰᠢᠶᠠᠨ ᠤ ᠰᠠᠨ ᠾᠧ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠠᠵᠢᠯᠲᠠᠳ ᠲᠠᠢ ᠬᠠᠮᠲᠤᠷᠠᠨ ᠢᠷᠠᠭᠤ ᠠᠯᠳᠠᠷ ᠤᠨ ᠬᠦᠷᠢᠶᠡᠯᠡᠩ ᠪᠠ ᠨᠠᠰᠤᠲᠠᠨ ᠢ ᠠᠰᠠᠷᠠᠬᠤ ᠬᠦᠷᠢᠶᠡᠯᠡᠩ ᠳᠤ ᠬᠦᠷᠴᠦ᠂ ᠨᠠᠰᠤᠲᠠᠶᠢᠴᠤᠳ ᠲᠤ ᠪᠠᠷ᠎ᠠ ᠪᠣᠯᠵᠣ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ ᠤᠷᠢᠳᠴᠢᠯᠠᠨ ᠬᠦᠷᠭᠡᠵᠦ᠂ ᠲᠡᠳᠡᠨ ᠳᠤ ᠪᠠᠶᠠᠷ ᠤᠨ ᠡᠳᠦᠷ ᠤᠨ ᠭᠦᠨ ᠵᠤᠵᠠᠭᠠᠨ ᠬᠠᠶᠢᠷ᠎ᠠ ᠬᠠᠯᠠᠮᠵᠢ ᠶᠢ ᠬᠦᠷᠭᠡᠪᠡ᠃
     ᠡᠮᠡᠭᠡᠯ ᠠᠭᠤᠯᠠ ᠶᠢᠨ ᠢᠷᠠᠭᠤ ᠠᠯᠳᠠᠷᠲᠤ ᠬᠦᠷᠢᠶᠡᠯᠡᠩ ᠪᠠ ᠨᠠᠰᠤᠲᠠᠨ ᠢ ᠠᠰᠠᠷᠠᠬᠤ ᠬᠦᠷᠢᠶᠡᠯᠡᠩ ᠳᠤ ᠬᠦᠷᠦᠮᠡᠭᠴᠡ ᠪᠠᠨ ᠠᠵᠢᠯᠲᠠᠳ ᠨᠠᠰᠤᠲᠠᠶᠢᠴᠤᠳ ᠲᠠᠭᠠᠨ ᠬᠠᠨᠢ ᠪᠣᠯᠵᠤ ᠵᠣᠭᠤᠭᠳᠠᠵᠤ᠂ ᠲᠡᠳᠡᠨ ᠤ ᠡᠳᠦᠷ ᠲᠤᠲᠤᠮ ᠤᠨ ᠠᠮᠢᠳᠤᠷᠠᠯ ᠵᠢᠴᠢ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ ᠢ ᠣᠶᠢᠯᠠᠭᠠᠬᠤ ᠶᠢᠨ ᠬᠠᠮᠲᠤ ᠽᠦᠩᠽᠢ ᠶᠢ ᠨᠠᠰᠤᠲᠠᠨ ᠨᠢᠭᠡᠪᠦᠷᠢ ᠶᠢᠨ ᠭᠠᠷ ᠲᠤ ᠬᠦᠷᠭᠡᠵᠦ ᠥᠭᠪᠡ᠃  ᠮᠠᠭᠲᠠᠭᠰᠠᠨ ᠽᠦᠩᠽᠢ ᠨᠢ ᠡᠪᠦᠭᠡᠨ ᠳᠤ ᠪᠠᠶᠠᠷ ᠪᠠᠶᠠᠰᠬᠤᠯᠠᠩ ᠲᠠᠢ ᠪᠠᠶᠢᠯ᠎ᠠ᠃  ᠠᠰᠠᠭᠤᠵᠤ ᠬᠠᠯᠠᠮᠵᠢᠯᠠᠬᠤ ᠨᠢ ᠴᠤ ᠨᠠᠰᠤᠲᠠᠶᠢᠴᠤᠳ ᠲᠤ ᠨᠡᠶᠢᠭᠡᠮ ᠤᠨ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠪᠠ ᠵᠣᠯ ᠵᠢᠷᠭᠠᠯ ᠢ ᠦᠨᠡᠨ ᠬᠦ ᠮᠡᠳᠡᠷᠡᠭᠦᠯᠪᠡ᠃
       ᠲᠣᠰ ᠤᠳᠠᠭᠠᠨ ᠤ ᠲᠣᠬᠤᠨᠢᠭᠤᠯᠤᠯ ᠤᠨ ︽ᠽᠦᠩᠽᠢ︾ ᠨᠡᠶᠢᠲᠡ 260 ᠬᠤᠪᠢ 1500 ᠪᠠᠶᠢᠵᠤ᠂ ᠠᠨ ᠽᠢ ᠱᠠᠨ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠨ ᠭᠦᠸᠧ ᠷᠦᠨ ᠯᠢᠨ ᠪᠠᠶᠠᠷᠲᠠᠶ ᠪᠠᠷ᠄ ᠲᠠᠪᠤᠨ ᠰᠠᠷ᠎ᠠ ᠶᠢᠨ ᠰᠢᠨ᠎ᠡ ᠶᠢᠨ ᠲᠠᠪᠤᠨ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠽᠦᠩᠽᠢ ᠬᠦᠷᠭᠡᠪᠡ᠃
         ︽ᠪᠠᠶᠠᠷ ᠳᠤᠷᠠᠰᠬᠠᠯ ᠤᠨ ᠡᠳᠦᠷ ᠪᠣᠯᠬᠤ ᠪᠦᠷᠢ ᠲᠥᠷᠥᠯ ᠰᠠᠳᠤᠨ ᠢᠶᠠᠨ ᠨᠡᠩ ᠢᠯᠡᠭᠦᠤ ᠪᠣᠳᠣᠯᠬᠢᠯᠠᠨ︾᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠮᠥᠨ᠂ ᠢᠷᠠᠭᠤ ᠠᠯᠳᠠᠷ ᠤᠨ ᠬᠦᠷᠢᠶᠡᠯᠡᠩ ᠪᠠ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠶᠢᠴᠤᠳ ᠤᠨ ᠣᠯᠠᠩᠬᠢ ᠨᠢ ᠬᠡᠤᠬᠡᠳ ᠦᠭᠡᠶ ᠪᠥᠭᠡᠳ ᠥᠬᠢᠳ ᠭᠡᠵᠦ ᠦᠭᠡᠶ᠂ ᠴᠤᠭᠯᠠᠷᠠᠭᠰᠠᠨ ᠲᠡᠭᠷᠢ ᠶᠢᠨ ᠶᠣᠰᠣᠨ ᠤ ᠪᠠᠶᠠᠷ ᠴᠡᠩᠭᠡᠯ ᠮᠠᠰᠢ ᠴᠥᠭᠡᠨ ᠪᠠᠶᠢᠳᠠᠭ᠂ ᠡᠶᠢᠮᠦ ᠠᠴᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯᠲᠠᠳ᠄ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠪᠣᠯ ᠣᠯᠠᠨ ᠤ ᠭᠦᠢᠴᠡᠳᠬᠡᠪᠡᠰᠦ ᠵᠣᠬᠢᠬᠤ ᠡᠭᠦᠷᠭᠡ ᠬᠠᠷᠢᠭᠤᠴᠠᠯᠭ᠎ᠠ ᠮᠥᠨ᠂ ᠦᠨᠡᠨ ᠰᠡᠳᠬᠢᠯ ᠠᠴᠠ ᠪᠠᠨ ᠴᠢᠳᠠᠯ ᠤᠨ ᠢᠶᠠᠨ ᠬᠢᠷᠢ ᠪᠠᠷ ᠨᠠᠰᠤᠲᠠᠳ ᠲᠤ ᠪᠣᠳᠠᠲᠤ ᠶᠠᠪᠤᠳᠠᠯ ᠬᠢᠵᠦ᠂ ᠲᠡᠳᠡᠨ ᠳᠤ ᠨᠠᠮ ᠤᠨ ᠬᠠᠶᠢᠷ᠎ᠠ ᠬᠠᠯᠠᠮᠵᠢ᠂ ᠨᠡᠶᠢᠭᠡᠮ ᠤᠨ ᠳᠠᠪᠰᠢᠯᠲᠠ ᠶᠢ ᠡᠳ᠋ᠯᠡᠭᠦᠯᠦᠨ᠎ᠡ ᠭᠡᠵᠦ ᠢᠯᠡᠳᠬᠡᠵᠡᠭᠡᠪᠡ᠃ ᠬᠤᠶᠢᠰᠢᠳᠠ ᠪᠠᠰᠠ ᠪᠦᠬᠦ ᠰᠢᠶᠠᠨ ᠤ ᠡᠯ᠎ᠡ ᠢᠷᠠᠭᠤ ᠠᠯᠳᠠᠷ ᠤᠨ ᠬᠦᠷᠢᠶᠡᠯᠡᠩ ᠪᠣᠯᠤᠨ ᠨᠠᠰᠤᠲᠠᠨ ᠢ ᠠᠰᠠᠷᠠᠬᠤ ᠬᠦᠷᠢᠶᠡᠯᠡᠩ ᠯᠦᠭᠡ ᠶᠢᠨ ᠨᠡᠪᠲᠡᠷᠡᠯᠴᠡᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠥᠨᠥᠴᠢᠨ ᠪᠡᠯᠪᠡᠰᠦᠨ ᠨᠠᠰᠤᠲᠠᠨ ᠢ ᠬᠠᠯᠠᠮᠵᠢᠯᠠᠵᠤ᠂ ᠠᠯᠢ ᠴᠢᠳᠠᠬᠤ ᠪᠠᠷ ᠨᠠᠰᠤᠲᠠᠶᠢᠴᠤᠳ ᠤᠨ ᠤᠶᠤᠨ ᠰᠠᠨᠠᠭᠠᠨ ᠤ ᠬᠡᠷᠡᠭᠴᠡᠭᠡ ᠶᠢ ᠬᠠᠩᠭᠠᠬᠤ ᠪᠣᠯᠤᠨ᠎ᠠ᠃                                          ᠨᠠᠶᠢᠷᠠᠭᠤᠯᠤᠭᠴᠢ᠄  ᠯᠢ ᠬᠤᠩ ᠢᠦᠢ                                             ᠤᠷᠴᠢᠭᠤᠯᠤᠭᠴᠢ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2