【 ᠬᠥᠳᠡᠯᠮᠦᠷᠢᠴᠢᠳ ᠤᠨ ᠳᠠᠭᠤᠤ 】 ᠸᠠᠩ ᠸᠧᠶ᠄ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ︽ᠠᠮᠤᠷ ᠲᠦᠪᠰᠢᠨ ᠤ ᠬᠠᠮᠠᠭᠠᠯᠠᠭᠴᠢ︾
ᠨᠡᠶᠢᠲᠡᠯᠡᠭᠰᠡᠨ ᠴᠠᠭ᠄
2024/5/4
   ᠲᠡᠷᠡ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠳᠤᠷᠠᠲᠠᠶ᠎ᠠ ᠬᠤᠪᠢ ᠨᠡᠮᠡᠷᠢ ᠦᠵᠡᠭᠦᠯᠵᠦ᠂ ᠡᠯ᠎ᠡ ᠲᠦᠷᠦᠯ ᠤᠨ ᠭᠠᠶ ᠭᠠᠮᠰᠢᠭ ᠢ ᠠᠷᠭᠠᠴᠠᠭᠠᠨ ᠰᠢᠢᠳᠪᠦᠷᠢᠯᠡᠬᠦ ᠨᠢᠭᠡᠳᠦᠭᠡᠷ ᠹᠷᠣᠨᠲ ᠲᠤ ᠪᠠᠶᠢᠯᠳᠤᠪᠠ︔ ᠲᠡᠷᠡ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠠᠶᠤᠯ ᠲᠦᠭᠰᠢᠭᠦᠷᠢ ᠳᠤ ᠤᠴᠠᠷᠠᠵᠤ᠂ ᠠᠷᠠᠳ ᠤᠨ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ ᠵᠠᠷᠯᠢᠭ ᠵᠠᠷᠯᠢᠭ ᠪᠣᠯᠭᠠᠵᠤ᠂ ᠠᠶᠤᠯ ᠲᠦᠭᠰᠢᠭᠦᠷᠢ ᠶᠢ ᠴᠠᠭ ᠢᠮᠠᠭᠲᠠ ᠮᠥᠷᠥᠨ ᠳᠡᠭᠡᠷ᠎ᠡ ᠪᠠᠨ ᠡᠭᠦᠷᠭᠡᠯᠡᠵᠦ᠂ ᠠᠮᠤᠷ ᠲᠦᠪᠰᠢᠨ ᠢ ᠠᠷᠠᠳ ᠲᠦᠮᠡᠨ ᠳᠤ ᠦᠯᠡᠳᠡᠭᠡᠵᠦ᠂ ᠠᠷᠠᠳ ᠣᠯᠠᠨ ᠤ ᠠᠮᠤᠷ ᠲᠦᠪᠰᠢᠨ ᠢ ᠬᠠᠮᠠᠭᠠᠯᠠᠬᠤ ︽ᠠᠮᠤᠷ ᠲᠦᠪᠰᠢᠨ ᠤ ᠬᠠᠮᠠᠭᠠᠯᠠᠭᠴᠢ︾ ᠮᠥᠨ᠂ ᠲᠡᠷᠡ ᠪᠣᠯ ᠳᠠᠷᠤᠢ ᠯᠢᠶᠠᠩᠴᠧᠩ ᠰᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠶᠡᠭᠡ ᠠᠩᠭᠢ ᠶᠢᠨ ᠳᠠᠷᠤᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠥᠪ ᠤᠨ ᠡᠷᠬᠢᠯᠡᠭᠴᠢ ᠸᠠᠩ ᠸᠧᠶ ᠪᠣᠯᠤᠨ᠎ᠠ᠃
       ᠴᠡᠷᠢᠭ ᠠᠴᠠ ᠬᠠᠯᠠᠭᠳᠠᠭᠰᠠᠳ ᠪᠣᠯᠤᠭᠰᠠᠨ ᠤ ᠬᠤᠪᠢ ᠳᠤ᠂ 2009 ᠣᠨ ᠳᠤ ᠠᠵᠢᠯ ᠳᠤ ᠣᠷᠣᠯᠴᠠᠭᠰᠠᠨ ᠠᠴᠠ ᠨᠠᠰᠢ᠂ ᠸᠠᠩ ᠸᠧᠶ ᠡᠯ᠎ᠡ ᠵᠦᠢᠯ ᠤᠨ ᠭᠠᠶ ᠭᠠᠮᠰᠢᠭ ᠤᠨ ᠠᠳᠡᠯ ᠢ ᠠᠷᠭᠠᠴᠠᠨ  ᠰᠢᠢᠳᠪᠦᠷᠢᠯᠡᠬᠦ ᠨᠢᠭᠡᠳᠦᠭᠡᠷ ᠹᠷᠣᠨᠲ ᠲᠤ ᠢᠮᠠᠭᠲᠠ ᠪᠠᠶᠢᠯᠳᠤᠵᠤ᠂ ᠦᠶᠡᠷ ᠢ ᠬᠠᠰᠢᠵᠤ᠂ ᠭᠠᠯ ᠳᠦᠷᠡᠯᠵᠡᠵᠦ᠂ ᠳᠠᠯᠳᠠ ᠭᠡᠮ ᠢ ᠠᠷᠢᠯᠭᠠᠵᠤ᠂ ᠠᠮᠤᠷ ᠲᠦᠪᠰᠢᠨ ᠢ ᠪᠠᠲᠤᠯᠠᠵᠤ᠂ ᠣᠯᠠᠨ ᠤᠳᠠᠭ᠎ᠠ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠠᠵᠢᠯ ᠳᠤ ᠣᠷᠣᠯᠴᠠᠵᠤ᠂ ᠰᠢᠶᠠᠨ ᠤ ᠬᠡᠪᠴᠢᠶᠡᠨ ᠤ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢ ᠬᠠᠮᠠᠭᠠᠯᠠᠪᠠ᠃
   2023 ᠣᠨ ᠤ 8 ᠰᠠᠷ᠎ᠠ ᠶᠢᠨ 3᠎ ᠤ ᠡᠳᠦᠷ᠂ ᠯᠢᠶᠠᠩᠴᠧᠩ ᠰᠢᠶᠠᠨ ᠤ ᠮᠠᠩᠬᠠᠨ ᠪᠠᠯᠭᠠᠰᠤᠨ ᠳᠤ ᠰᠢᠷᠦᠭᠦᠨ ᠪᠣᠷᠣᠭᠠᠨ ᠣᠷᠣᠵᠤ᠂ 4 ᠲᠣᠰᠬᠤᠨ ᠤ ᠠᠷᠠᠳ ᠠᠭᠤᠯᠠᠨ ᠦᠶᠡᠷ ᠲᠤ ᠬᠠᠰᠢᠭᠳᠠᠵᠤ᠂ ᠭᠠᠯ ᠤᠨᠲᠠᠷᠠᠭᠠᠬᠤ ᠶᠡᠭᠡ ᠠᠩᠭᠢ ᠶᠢᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ ᠸᠠᠩ ᠸᠧᠶ ᠲᠡᠷᠡ ᠳᠠᠷᠤᠶ ᠳᠤᠨᠢ ᠴᠠᠭᠳᠠᠭ᠎ᠠ ᠳᠤ ᠮᠡᠳᠡᠭᠦᠯᠦᠭᠰᠡᠨ ᠬᠥᠮᠦᠨ ᠪᠠ ᠮᠠᠩᠬᠠᠨ ᠪᠠᠯᠭᠠᠰᠤᠨ ᠤ ᠠᠵᠢᠯᠲᠠᠨ ᠲᠠᠢ ᠬᠠᠷᠢᠯᠴᠠᠵᠤ᠂ ᠲᠣᠰᠬᠤᠨ ᠤ ᠺᠠᠳ᠋ᠷ ᠲᠣᠮᠢᠯᠠᠨ ᠳᠠᠷᠤᠶ ᠲᠦᠷᠭᠡᠨ ᠪᠣᠳᠠᠲᠠᠶ ᠪᠠᠶᠢᠳᠠᠯ ᠢ ᠬᠢᠨᠠᠨ ᠬᠠᠷᠭᠤᠭᠤᠯᠬᠤ ᠪᠠᠷ ᠭᠤᠶᠤᠴᠢᠯᠠᠪᠠ᠃ ᠡᠭᠦᠨ ᠤ ᠬᠠᠮᠲᠤ ᠸᠠᠩ ᠸᠧᠶ ᠠᠪᠤᠷᠠᠨ ᠲᠤᠰᠠᠯᠠᠬᠤ ᠠᠩᠭᠢ ᠶᠢᠨ ᠭᠡᠰᠢᠭᠦᠨ ᠢᠶᠠᠨ ᠳᠠᠭᠠᠭᠤᠯᠤᠨ ᠮᠠᠩᠬᠠᠨ ᠪᠠᠯᠭᠠᠰᠤᠨ ᠤ ᠱᠠ ᠬᠤ᠋ ᠲᠣᠰᠬᠤᠨ ᠤ ᠬᠠᠪᠢ ᠳᠤ ᠬᠦᠷᠴᠦ᠂ ᠣᠯᠠᠨ ᠲᠠᠯ᠎ᠠ ᠪᠠᠷ ᠬᠠᠰᠢᠭᠳᠠᠭᠰᠠᠨ 4 ᠬᠥᠮᠦᠰ ᠤᠨ ᠣᠨᠣᠪᠴᠢᠲᠠᠶ ᠣᠷᠣᠨ ᠪᠠᠶᠢᠷᠢ ᠶᠢ ᠱᠠ ᠬᠤ᠋ ᠲᠣᠰᠬᠤᠨ ᠤ ᠬᠤᠶᠢᠲᠤ ᠬᠡᠰᠡᠭ ᠤᠨ 2.6 ᠺᠢᠯᠤᠮᠧᠲᠷ ᠤᠨ ᠭᠤᠤᠯ ᠤᠨ ᠵᠠᠮ ᠤᠨ ᠨᠢᠭᠡ ᠲᠠᠯ᠎ᠠ ᠳᠤ ᠬᠢᠨᠠᠨ ᠬᠠᠷᠭᠤᠭᠤᠯᠪᠠ᠃ ᠲᠤᠬᠠᠢ ᠶᠢᠨ ᠲᠠᠯᠠᠪᠠᠢ ᠳᠤ ᠬᠦᠷᠦᠭᠰᠡᠨ ᠤ ᠳᠠᠷᠠᠭ᠎ᠠ᠂ ᠸᠠᠩ ᠸᠧᠢ ᠲᠡᠭᠦᠨ ᠤ ᠭᠡᠰᠢᠭᠦᠳ ᠲᠠᠢ ᠬᠠᠮᠲᠤᠷᠠᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠨᠠᠷ ᠬᠠᠮᠲᠤᠪᠠᠷ ᠬᠠᠰᠢᠭᠳᠠᠭᠰᠠᠨ 4 ᠤᠯᠠᠨ ᠲᠦᠮᠡᠨ ᠢ ᠠᠮᠵᠢᠯᠲᠠ ᠲᠠᠢ ᠠᠪᠤᠷᠠᠪᠠ  ᠃
   ᠣᠯᠠᠨ ᠵᠢᠯ ᠤᠨ ᠲᠤᠷᠰᠢ᠂ ᠸᠠᠩ ᠸᠧᠶ ᠪᠠᠰᠠ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠡᠷᠦᠬᠡ ᠶᠢᠨ ᠴᠡᠷᠢᠭ ᠤᠨ ᠪᠣᠯᠪᠠᠰᠤᠷᠠᠯ ᠤᠨ ᠠᠵᠢᠯ ᠳᠤ ᠣᠯᠠᠨ ᠤᠳᠠᠭ᠎ᠠ ᠣᠷᠣᠯᠴᠠᠭᠰᠠᠨ ᠪᠥᠭᠡᠳ 2018 ᠣᠨ ᠳᠤ ᠤᠯᠠᠭᠠᠨᠴᠠᠪ ᠬᠤᠲᠠ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠡᠷᠦᠬᠡ ᠶᠢᠨ ᠴᠡᠷᠢᠭ ᠤᠨ ᠵᠡᠪᠰᠡᠭ ᠤᠨ ᠡᠷᠳᠡᠮ ᠤᠨ ᠤᠷᠤᠯᠳᠤᠭᠠᠨ ᠤ ᠡᠷᠦᠬᠡ ᠶᠢᠨ ᠴᠡᠷᠢᠭ ᠤᠨ ᠺᠠᠳ᠋ᠷ ᠤᠨ ᠳᠤᠭᠤᠶᠢᠯᠠᠩ ᠤᠨ ᠶᠡᠷᠦᠩᠬᠡᠶᠢᠯᠡᠭᠰᠡᠨ ᠭᠤᠷᠪᠠᠳᠤᠭᠠᠷ ᠲᠤ ᠣᠷᠣᠵᠤ᠂ 2019 - 2022 ᠣᠨ ᠳᠤ ᠯᠢᠶᠠᠩᠴᠧᠩ ᠰᠢᠶᠠᠨ ᠤ ᠨᠠᠮ ᠤᠨ ᠬᠤᠷᠢᠶ᠎ᠠ᠂ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ᠂ ᠯᠢᠶᠠᠩᠴᠧᠩ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ ᠰᠢᠯᠢᠳᠡᠭ ᠡᠷᠦᠬᠡ ᠶᠢᠨ ᠴᠡᠷᠢᠭ ᠢᠶᠠᠷ ᠦᠨᠡᠯᠡᠭᠳᠡᠪᠡ᠃ ᠲᠡᠭᠦᠨ ᠤ ᠳᠠᠭᠠᠭᠤᠯᠭ᠎ᠠ ᠳᠣᠣᠷ᠎ᠠ᠂ ᠯᠢᠶᠠᠩᠴᠧᠩ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠠ ᠶᠢᠨ ᠠᠪᠤᠷᠠᠨ ᠲᠤᠰᠠᠯᠠᠬᠤ ᠶᠡᠭᠡ ᠠᠩᠬᠢ ᠶᠢᠨ ᠪᠤᠢ ᠪᠦᠬᠦᠢ ᠭᠡᠰᠢᠭᠦᠳ ᠴᠥᠮ ᠴᠠᠭ ᠢᠮᠠᠭᠲᠠ ᠪᠡᠯᠡᠳᠬᠡᠯ ᠪᠠᠶᠢᠳᠠᠯ ᠳᠤ ᠣᠷᠣᠰᠢᠵᠤ᠂ ᠠᠪᠤᠷᠠᠨ ᠲᠤᠰᠠᠯᠠᠬᠤ ᠬᠡᠷᠡᠭᠴᠡᠭᠡ ᠶᠢᠨ ᠡᠮᠦᠨ᠎ᠡ᠂ ᠲᠡᠷᠡ ᠳᠠᠷᠤᠢ ᠳᠤᠨᠢ ᠲᠦᠷᠭᠡᠨ ᠴᠤᠤᠷᠢᠶᠠᠲᠤᠨ ᠳᠠᠭᠠᠵᠤ᠂ ᠲᠡᠷᠡ ᠳᠠᠷᠤᠢ ᠳᠤᠨᠢ ᠲᠤᠬᠠᠢ ᠶᠢᠨ ᠲᠠᠯᠠᠪᠠᠢ ᠳᠤ ᠬᠦᠷᠴᠦ᠂ ᠲᠡᠷᠡ ᠳᠠᠷᠤᠢ ᠳᠤᠨᠢ ᠠᠷᠭᠠᠴᠠᠨ ᠰᠢᠢᠳᠪᠦᠷᠢᠯᠡᠵᠦ᠂ ᠸᠠᠩ ᠸᠧᠢ ᠤᠷᠢᠳ ᠬᠤᠵᠢᠳ ᠬᠤᠩ ᠮᠤᠤ ᠪᠠᠯᠭᠠᠰᠤ ᠶᠢᠨ ᠬᠤᠳᠠ ᠶᠢᠨ ᠲᠣᠭᠤᠷᠢᠭ ᠤᠨ ᠤᠰᠤᠲᠤᠯ ᠢ ᠵᠠᠯᠠᠬᠤ ᠠᠵᠢᠯ ᠳᠤ ᠣᠷᠣᠯᠴᠠᠵᠤ᠂ 3 ᠮᠧᠲ᠋ᠠᠨᠳᠠ ᠶᠢᠨ ᠰᠠᠪᠠ ᠶᠢᠨ ᠲᠡᠷᠭᠡ ᠶᠢ ᠠᠮᠵᠢᠯᠲᠠ ᠲᠠᠢ ᠰᠢᠢᠳᠪᠦᠷᠢᠯᠡᠵᠦ ᠬᠠᠵᠠᠭᠤ ᠲᠠᠯ᠎ᠠ ᠪᠠᠷ ᠤᠷᠪᠠᠭᠤᠯᠤᠭᠰᠠᠨ ᠠᠳᠡᠯ ᠤᠨ ᠠᠶᠤᠯ ᠠᠴᠠ ᠠᠪᠤᠷᠠᠨ ᠲᠤᠰᠠᠯᠠᠪᠠ᠃ ᠸᠠᠩ ᠸᠧᠢ ᠺᠧᠨ ᠠᠴᠠ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠠᠵᠢᠯᠯᠠᠵᠤ᠂ ᠴᠡᠷᠢᠭ ᠬᠥᠮᠦᠨ ᠤ ᠤᠤᠷ ᠴᠢᠨᠠᠷ ᠢᠶᠠᠨ ᠡᠭᠦᠷᠢᠳᠡ ᠬᠠᠳᠠᠭᠠᠯᠠᠬᠤ ᠠᠵᠢᠯ ᠤᠨ ᠰᠤᠷᠲᠠᠯ ᠢ ᠪᠤᠢ ᠪᠣᠯᠭᠠᠵᠤ᠂ ᠳᠡᠷᠭᠡᠳᠡᠬᠢ ᠠᠩᠬᠢ ᠶᠢᠨ ᠨᠠᠶᠢᠵᠠ ᠨᠠᠷ ᠲᠤ ᠰᠠᠶᠢᠨ ᠰᠠᠶᠢᠬᠠᠨ ᠦᠯᠢᠭᠡᠷ ᠳᠠᠭᠤᠷᠢᠶᠠᠯ ᠢ ᠪᠤᠢ ᠪᠣᠯᠭᠠᠵᠤ ᠥᠭᠴᠡᠢ᠃    ᠲᠡᠭᠦᠨ ᠤ ᠬᠠᠮᠲᠤ ᠠᠵᠢᠯᠯᠠᠭᠰᠠᠳ ᠯᠢᠶᠠᠩᠴᠧᠩ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠠᠵᠠᠷ ᠤᠨ ᠭᠠᠶ ᠭᠠᠮᠰᠢᠭ ᠢ ᠬᠢᠨᠠᠨ ᠬᠡᠮᠵᠢᠬᠦ ᠲᠠᠰᠤᠭ ᠤᠨ ᠳᠠᠷᠤᠭ᠎ᠠ ᠸᠠᠩ ᠯᠢ ᠵᠢᠶᠦ᠋ᠨ ᠬᠡᠯᠡᠭᠰᠡᠨ ᠨᠢ᠄ ᠸᠠᠩ ᠸᠧᠶ ᠪᠣᠯ ᠨᠢᠭᠡᠨ ᠣᠪᠣᠷ ᠰᠤᠷᠲᠠᠯ ᠰᠢᠯᠢᠳᠡᠭ᠂ ᠠᠵᠢᠯ ᠨᠢ ᠨᠠᠷᠢᠨ ᠨᠢᠭᠲᠠ᠂ ᠬᠠᠷᠢᠭᠤᠴᠠᠯᠭ᠎ᠠ ᠲᠠᠢ ᠨᠥᠬᠦᠳ ᠮᠥᠨ᠂ ᠲᠡᠷᠡ ᠡᠩ ᠤᠨ ᠦᠶ᠎ᠡ ᠳᠤ ᠨᠢᠭᠡᠴᠡ ᠪᠠᠷ ᠭᠡᠷ ᠢᠶᠠᠨ ᠪᠣᠯᠭᠠᠵᠤ᠂ ᠶᠡᠭᠡ ᠲᠠᠯ᠎ᠠ ᠶᠢ ᠪᠣᠳᠣᠯᠬᠢᠯᠠᠨ᠂ ᠮᠠᠰᠢ ᠴᠢᠩᠭ᠎ᠠ ᠪᠦᠯᠬᠦᠮ ᠨᠡᠶᠢᠲᠡ ᠶᠢᠨ ᠵᠣᠷᠢᠭ ᠰᠠᠨᠠᠭ᠎ᠠ ᠲᠠᠢ ᠪᠠᠶᠢᠵᠤ᠂ ᠤᠴᠢᠷ ᠶᠠᠪᠤᠳᠠᠯ ᠲᠣᠬᠢᠶᠠᠯᠳᠤᠪᠠᠯ ᠦᠷᠭᠦᠯᠵᠢ ᠨᠢᠭᠡᠳᠦᠭᠡᠷ ᠹᠷᠣᠨᠲ ᠲᠤ ᠢᠯᠡᠷᠡᠵᠦ᠂ ᠳᠡᠭᠡᠷ᠎ᠡ ᠠᠴᠠ ᠵᠢᠯᠤᠭᠤᠳᠤᠯᠭ᠎ᠠ ᠶᠢ ᠳᠠᠭᠠᠵᠤ᠂ ᠬᠠᠷᠢᠯᠴᠠᠵᠤ ᠳᠡᠶᠢᠯᠬᠦ ᠪᠦᠯᠬᠦᠮ ᠨᠡᠶᠢᠲᠡ ᠶᠢᠨ ᠪᠠᠴᠢᠮ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ ᠴᠢᠳᠠᠨ᠎ᠠ᠃
       ᠨᠢᠭᠡ ᠬᠤᠪᠢ ᠤᠭ ᠰᠠᠨᠠᠭ᠎ᠠ ᠪᠠᠨ ᠬᠡᠳᠦᠨ ᠵᠢᠯ ᠪᠠᠲᠤ ᠰᠠᠬᠢᠪᠠ᠃ ᠸᠠᠩ ᠸᠧᠢ ᠤᠭ ᠰᠠᠨᠠᠭ᠎ᠠ ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠵᠣᠷᠢᠭ ᠰᠢᠭᠤᠳᠤᠨ ᠬᠤᠪᠢ ᠨᠡᠮᠡᠷᠢ ᠦᠵᠡᠭᠦᠯᠵᠦ᠂ ᠠᠷᠠᠳ ᠤᠨ ᠠᠮᠤᠷ ᠲᠦᠪᠰᠢᠨ ᠢ ᠪᠠᠲᠤᠯᠠᠬᠤ︾ ᠡᠷᠡᠰ ᠪᠠᠲᠤ ᠲᠠᠩᠭᠠᠷᠢᠭ ᠢᠶᠠᠨ ᠦᠢᠯᠡᠳᠦᠯᠭᠡᠵᠢᠭᠦᠯᠵᠡᠢ᠃    ᠯᠢᠶᠠᠩᠴᠧᠩ ᠰᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠶᠡᠭᠡ ᠠᠩᠭᠢ ᠶᠢᠨ ᠳᠠᠷᠤᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠥᠪ ᠤᠨ ᠡᠷᠬᠢᠯᠡᠭᠴᠢ ᠸᠠᠩ ᠸᠧᠶ᠄ ᠪᠢ ᠦᠷᠭᠦᠯᠵᠢᠯᠡᠨ ᠵᠢᠱᠢᠶᠡᠴᠢ ᠳᠠᠭᠠᠭᠤᠯᠬᠤ  ᠤᠶᠢᠯᠡᠳᠤᠯ ᠢᠶᠠᠨ ᠪᠠᠳᠠᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠥᠮᠦᠨ ᠤ ᠡᠭᠦᠷᠭᠡ ᠬᠠᠷᠢᠭᠤᠴᠠᠯᠭ᠎ᠠ ᠪᠠᠨ ᠡᠷᠡᠰ  ᠭᠦᠢᠴᠡᠳᠭᠡᠵᠦ᠂ ︿ᠠᠶᠤᠯ ᠲᠦᠭᠰᠢᠭᠦᠷᠢ ᠶᠢ ᠠᠷᠢᠯᠭᠠᠵᠤ᠂ ᠠᠷᠠᠳ ᠲᠦᠮᠡᠨ ᠤ ᠲᠥᠯᠥᠭᠡ ᠵᠢᠳᠬᠦᠬᠦ﹀᠎ ᠶᠢ ᠥᠪᠡᠷ ᠤᠨ ᠪᠣᠳᠠᠲᠠᠶ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠦᠢᠯᠡᠰ ᠤᠨ ᠳᠤᠮᠳᠠ ᠥᠪᠡᠷ ᠤᠨ ᠵᠠᠯᠠᠭᠤ ᠨᠠᠰᠤ ᠪᠠ ᠬᠠᠯᠠᠭᠤᠨ ᠴᠢᠰᠤ ᠪᠠᠨ ᠡᠷᠭᠦᠵᠦ᠂ ᠨᠠᠩ ᠣᠯᠠᠨ ᠬᠥᠮᠦᠨ ᠤ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠨ᠎ᠠ᠃                                           ᠨᠠᠶᠢᠷᠠᠭᠤᠯᠤᠭᠴᠢ᠄  ᠯᠢ ᠬᠤᠩ ᠢᠦᠢ                                             ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2