ᠯᠢᠶᠠᠩᠴᠧᠩ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠬᠠᠪᠰᠤᠷᠤᠨ ᠤᠳᠤᠷᠢᠳᠤᠭᠴᠢ  ᠪᠠᠭᠰᠢ ᠄ ᠱᠣᠣ ᠨᠠᠨ
ᠨᠡᠶᠢᠲᠡᠯᠡᠭᠰᠡᠨ ᠴᠠᠭ᠄
2024/5/4
   ᠵᠠᠯᠠᠭᠤᠴᠤᠳ ᠪᠣᠯ ᠦᠨᠳᠦᠰᠦᠲᠡᠨ ᠤ ᠲᠤᠯᠭᠠᠭᠤᠷᠢ ᠬᠦᠴᠦᠨ ᠮᠥᠨ  ᠂ ᠯᠢᠶᠠᠩᠴᠧᠩ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ ᠳᠤ ᠡᠶᠢᠮᠦ ᠨᠢᠭᠡᠨ ᠵᠠᠯᠠᠭᠤ ᠪᠠᠭᠰᠢ ᠪᠤᠢ᠂ ᠲᠡᠷᠡ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢ ᠪᠠᠨ ᠳᠡᠭᠡᠭᠰᠢᠯᠡᠭᠦᠯᠬᠦ ᠶᠢ ᠣᠷᠣᠰᠢᠨ ᠲᠣᠭᠲᠠᠨᠢᠬᠤ ᠶᠢᠨ ᠦᠨᠳᠦᠰᠦ ᠪᠣᠯᠭᠠᠪᠠ︔ ᠲᠡᠷᠡ ᠬᠢᠴᠢᠶᠡᠯ ᠵᠢᠭᠠᠬᠤ ᠳᠠᠭᠠᠨ ᠣᠨᠴᠠᠯᠢᠭ ᠲᠠᠢ ᠪᠠᠶᠢᠵᠤ᠂ ᠬᠢᠴᠢᠶᠡᠯ ᠤᠨ ᠠᠭᠤᠷ ᠠᠮᠢᠰᠬᠤᠯ ᠮᠠᠰᠢ ᠬᠥᠭᠵᠢᠶᠡᠨᠲᠡᠢ ᠪᠠᠶᠢᠵᠤ ᠂ ᠰᠤᠷᠤᠭᠴᠢᠳ ᠤᠨ ᠬᠦᠷᠢᠶᠡᠯᠡᠯ ᠢ ᠣᠯᠪᠠ︔ ᠲᠡᠷᠡ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠵᠠᠯᠠᠭᠤ ᠨᠠᠰᠤᠨ ᠤ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠬᠤᠪᠢ ᠨᠡᠮᠡᠷᠢ ᠪᠠᠷ ᠢᠶᠠᠨ ᠡᠭᠦᠷᠭᠡᠯᠡᠯ ᠢᠶᠠᠨ ᠲᠠᠶᠢᠯᠪᠤᠷᠢᠯᠠᠵᠠᠢ᠃ ᠲᠡᠷᠡ ᠪᠣᠯ ᠳᠠᠷᠤᠶ ᠯᠢᠶᠠᠩᠴᠧᠩ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠬᠠᠪᠰᠤᠷᠤᠨ ᠤᠳᠤᠷᠢᠳᠤᠭᠴᠢ ᠱᠣᠣ ᠨᠠᠨ ᠪᠣᠯᠣᠨ᠎ᠠ᠃
     ᠯᠢᠶᠠᠩᠴᠧᠩ ᠤᠨ ᠨᠢᠭᠡᠨ ᠪᠠᠭᠠᠴᠤᠳ ᠤᠨ ᠬᠤᠰᠢᠭᠤᠴᠢ ᠠᠩᠭᠢ ᠶᠢᠨ ᠲᠠᠰᠤᠭ ᠲᠤ ᠣᠷᠣᠬᠤ ᠳᠤ᠂ ᠶᠡᠭᠡ ᠠᠩᠭᠢ ᠶᠢᠨ ᠬᠠᠪᠰᠤᠷᠤᠨ ᠵᠢᠯᠣᠭᠤᠳᠣᠭᠴᠢ ᠱᠣᠤ ᠨᠠᠨ ᠪᠣᠯᠤᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠭᠠᠷᠠᠭ ᠪᠦᠷᠢ ᠨᠢᠭᠡ ᠤᠳᠠᠭ᠎ᠠ ᠪᠠᠭᠠᠴᠤᠳ ᠤᠨ ᠬᠤᠰᠢᠭᠤᠴᠢ ᠠᠩᠭᠢ ᠶᠢᠨ ᠺᠠᠳ᠋ᠷ ᠤᠨ ᠲᠣᠭᠲᠠᠮᠠᠯ ᠬᠤᠷᠠᠯ ᠬᠢᠵᠦ᠂ ᠲᠣᠰ ᠭᠠᠷᠠᠭ ᠤᠨ ᠡᠩ ᠤᠨ ᠪᠠᠶᠢᠴᠠᠭᠠᠯᠲᠠ ᠵᠢᠴᠢ ᠡᠯ᠎ᠡ  ᠵᠤᠶᠢᠯ ᠤᠨ ᠠᠵᠢᠯ ᠤᠨ ᠲᠤᠬᠠᠶ ᠳ᠋ᠦᠩᠨᠡᠯᠲᠡ ᠬᠢᠵᠦ᠂ ᠳᠠᠷᠠᠭ᠎ᠠ ᠭᠠᠷᠠᠭ ᠤᠨ ᠡᠯ᠎ᠡ  ᠵᠤᠶᠢᠯ ᠤᠨ ᠠᠵᠢᠯ ᠢ ᠲᠣᠬᠢᠷᠠᠭᠤᠯᠵᠤ ᠪᠠᠶᠢᠨ᠎ᠠ᠃ ᠡᠭᠦᠨ ᠤ ᠬᠠᠮᠲᠤ ᠪᠠᠭᠠᠴᠤᠳ ᠤᠨ ᠬᠤᠰᠢᠭᠤᠴᠢ ᠠᠩᠭᠢ ᠶᠢᠨ ᠶᠣᠰᠣ᠂ ᠤᠯᠠᠭᠠᠨ ᠪᠥᠴᠡᠲᠡᠨ ᠤ ᠪᠠᠷᠢᠮᠵᠢᠶ᠎ᠠ ᠶᠢ ᠵᠡᠭᠦᠬᠦ ᠵᠡᠷᠭᠡ ᠠᠭᠤᠯᠭ᠎ᠠ ᠳᠤ ᠪᠣᠯᠪᠠᠰᠤᠷᠠᠭᠤᠯᠤᠯ ᠬᠢᠭᠰᠡᠨ ᠪᠠᠶᠢᠨ᠎ᠠ᠃
   2018 ᠣᠨ ᠠᠴᠠ ᠱᠣᠣ ᠨᠠᠨ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠢ ᠡᠬᠢᠯᠡᠨ ᠬᠢᠪᠡ᠃ ᠲᠡᠷᠡ ᠪᠠᠭᠠᠴᠤᠳ ᠤᠨ ᠬᠤᠰᠢᠭᠤᠴᠢ ᠠᠩᠬᠢ ᠶᠢᠨ ᠵᠤᠬᠢᠶᠠᠨ ᠪᠠᠶᠢᠭᠤᠯᠤᠯᠳᠠ ᠶᠢᠨ ᠴᠤᠬᠴᠠᠯᠠᠯᠳᠠ᠂ ᠡᠩᠨᠡᠭᠡ ᠶᠢᠨ ᠪᠠᠶᠢᠭᠤᠯᠤᠯᠳᠠ᠂ ᠵᠢᠭᠰᠠᠭᠠᠯ ᠤᠨ ᠭᠠᠵᠠᠷ ᠤᠨ ᠪᠠᠶᠢᠭᠤᠯᠤᠯᠳᠠ ᠠᠴᠠ ᠡᠬᠢᠯᠡᠨ᠂ ᠰᠤᠷᠭᠠᠭᠤᠯᠢ ᠶᠢᠨ ᠱᠠᠳᠤᠨ ᠤ ︽ᠤᠯᠠᠭᠠᠨ ᠪᠦᠴᠡᠳᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ︾᠂ ︽ᠤᠯᠠᠭᠠᠨ ᠪᠦᠴᠡᠳᠡᠨ ᠤ ᠯᠧᠺᠲ᠋ᠣᠷ ᠤᠨ ᠪᠦᠯᠬᠦᠮ︾᠂ ︽ᠤᠯᠠᠭᠠᠨ ᠪᠦᠴᠡᠳᠡᠨ ᠤ ᠰᠠᠶᠢᠨ ᠳᠤᠷ᠎ᠠ ᠶᠢᠨ ᠦᠢᠯᠡᠴᠢᠯᠡᠬᠡᠨ ᠤ ᠠᠩᠬᠢ︾ ᠶᠢ ᠵᠤᠬᠢᠶᠠᠨ ᠪᠠᠶᠢᠭᠤᠯᠵᠤ ︽ᠤᠯᠠᠭᠠᠨ ᠪᠦᠴᠡᠳᠡᠨ ᠤ ᠬᠢᠨᠠᠯᠳᠠ ᠲᠠᠯᠪᠢᠬᠤ ᠠᠵᠢᠯ ᠤᠨ ᠪᠠᠶᠢᠷᠢ︾ ᠶᠢ ᠨᠠᠮᠠᠨ ᠪᠠᠶᠢᠭᠤᠯᠪᠠ᠃ ᠠᠵᠢᠯ ᠤᠨ ᠳᠤᠮᠳᠠ ᠪᠠᠨ ᠲᠡᠷᠡ ᠶᠡᠭᠡ ᠲᠠᠯ᠎ᠠ ᠶᠢ ᠬᠠᠷᠠᠭᠠᠯᠵᠠᠵᠤ᠂ ᠭᠡᠷ ᠪᠦᠯᠢ ᠰᠤᠷᠭᠠᠭᠤᠯᠢ ᠨᠡᠶᠢᠭᠡᠮ ᠤᠨ ᠬᠠᠷᠢᠴᠠᠭ᠎ᠠ ᠶᠢ ᠰᠠᠶᠢᠲᠤᠷ ᠵᠣᠬᠢᠴᠠᠭᠤᠯᠵᠤ᠂ ᠬᠡᠦᠬᠡᠳ ᠤᠳ ᠤᠨ ᠰᠠᠶᠢᠨ ᠳᠠᠭᠤᠷᠢᠶᠠᠯ ᠪᠣᠯᠬᠤ ᠪᠠᠷ ᠪᠠᠷᠠᠬᠤ ᠦᠭᠡᠢ᠂ ᠪᠠᠰᠠ ᠬᠠᠮᠲᠤ ᠠᠵᠢᠯᠯᠠᠭᠴᠢ ᠶᠢᠨ ᠮᠠᠭᠲᠠᠭᠠᠯ ᠰᠠᠶᠢᠰᠢᠶᠠᠯ ᠢ ᠣᠯᠵᠠᠢ᠃ ︽ᠶᠡᠭᠡ ᠠᠩᠭᠢ ᠶᠢᠨ ᠬᠠᠪᠰᠤᠷᠤᠨ ᠵᠢᠯᠣᠭᠤᠳᠣᠭᠴᠢ ᠪᠣᠯᠤᠭᠰᠠᠨ ᠤ ᠬᠤᠪᠢ ᠳᠤ᠂ ᠲᠡᠷᠡ ᠥᠴᠦᠬᠡᠨ ᠴᠦ ᠣᠰᠣᠯᠳᠠᠬᠤ ᠥᠬᠡᠶ ᠪᠠᠶᠢᠵᠤ ᠴᠢᠳᠠᠬᠤ ᠪᠥᠭᠡᠳ ᠪᠦᠲᠦᠭᠡᠯᠴᠢ ᠴᠢᠨᠠᠷᠲᠠᠶ ᠪᠠᠷ ᠠᠵᠢᠯ ᠢᠶᠠᠨ ᠥᠷᠨᠢᠭᠦᠯᠵᠦ᠂ ᠠᠵᠢᠯᠴᠢ ᠬᠢᠴᠢᠶᠡᠩᠭᠦᠶ ᠪᠠᠷ ᠬᠢᠵᠦ ᠴᠢᠳᠠᠨ᠎ᠠ᠃ ᠰᠤᠷᠭᠠᠭᠤᠯᠢ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠰᠤᠷᠤᠭᠴᠢᠳ ᠤᠨ ᠣᠨᠴᠠᠯᠢᠭ ᠢ ᠦᠨᠳᠦᠰᠦᠯᠡᠨ᠂ ᠴᠠᠭ ᠦᠶ᠎ᠡ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠢ ᠵᠣᠬᠢᠶᠠᠨ ᠪᠠᠶᠢᠭᠤᠯᠵᠤ᠂ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠵᠦ᠂ ᠠᠵᠢᠯ ᠳᠠᠭᠠᠨ ᠰᠡᠳᠬᠢᠯ ᠲᠠᠯᠪᠢᠨ᠂ ᠰᠠᠶᠢᠨ ᠰᠠᠶᠢᠬᠠᠨ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠴᠢᠳᠠᠪᠤᠷᠢ ᠲᠠᠢ ᠪᠠᠶᠢᠵᠤ᠂ ᠬᠡᠦᠬᠡᠳ ᠤᠨ ᠪᠠᠭ᠋ᠠᠷᠬᠠᠯ ᠢ ᠣᠯᠣᠭᠰᠠᠨ ᠪᠥᠭᠡᠳ ᠭᠡᠷ ᠤᠨ ᠠᠬᠠᠮᠠᠳ ᠤᠨ ᠬᠦᠷᠢᠶᠡᠯᠡᠯ ᠢ ᠣᠯᠣᠭᠰᠠᠨ ᠪᠠᠶᠢᠨ᠎ᠠ᠃
      ᠪᠠᠭᠠᠴᠤᠳ ᠤᠨ ᠬᠤᠰᠢᠭᠤᠴᠢ ᠠᠩᠬᠢ ᠶᠢᠨ ᠠᠵᠢᠯ ᠬᠢᠭᠰᠡᠨ 6 ᠵᠢᠯ ᠤᠨ ᠲᠤᠷᠰᠢ᠂ ᠱᠤᠤ ᠨᠠᠨ ᠬᠡᠦᠬᠡᠳ ᠤᠨ ᠥᠪᠡᠷ ᠤᠨ ᠢᠲᠡᠭᠡᠯ ᠢ ᠨᠢ ᠠᠵᠢᠯ ᠤᠨ ᠢᠶᠠᠨ ᠳᠠᠭᠤᠰᠤᠰᠢ ᠦᠭᠡᠢ ᠬᠥᠳᠡᠯᠭᠡᠬᠦ ᠬᠦᠴᠦᠨ ᠪᠣᠯᠭᠠᠵᠤ᠂ ᠬᠡᠦᠬᠡᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠳᠤ ᠬᠦᠴᠦᠨ ᠨᠡᠮᠡᠷᠢᠯᠡᠬᠦ ᠶᠢ ᠬᠥᠮᠦᠨ ᠤ ᠠᠮᠢᠳᠤᠷᠠᠯ ᠤᠨ ᠭᠡᠷᠡᠯ ᠰᠠᠴᠤᠷᠠᠩᠭᠤᠢ ᠦᠢᠯᠡᠰ ᠪᠣᠯᠭᠠᠪᠠ᠃ ᠲᠡᠷᠡ ᠤᠯᠠᠭᠠᠨᠴᠠᠪ ᠬᠤᠲᠠ ᠶᠢᠨ ︽ᠰᠢᠯᠢᠳᠡᠭ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ︾᠂ ᠤᠯᠠᠭᠠᠨᠴᠠᠪ ᠬᠤᠲᠠ ᠶᠢᠨ ︽ᠰᠢᠯᠢᠳᠡᠭ ᠬᠠᠪᠰᠤᠷᠤᠨ ᠵᠢᠯᠣᠭᠤᠳᠣᠭᠴᠢ︾᠂ ᠤᠯᠠᠭᠠᠨᠴᠠᠪ ᠬᠤᠲᠠ ᠶᠢᠨ ᠭᠤᠷᠪᠠᠳᠤᠭᠠᠷ ᠬᠤᠭᠤᠴᠠᠭᠠᠨ ᠤ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠣᠭᠴᠢ ᠶᠢᠨ ᠤᠷ᠎ᠠ ᠮᠡᠷᠭᠡᠵᠢᠯ ᠤᠨ ᠤᠷᠤᠯᠳᠤᠭᠠᠨ ᠤ ︽ᠵᠢᠱᠢᠶᠡᠴᠢ ᠴᠢᠳᠠᠪᠤᠷᠢᠲᠠᠨ ᠤ ᠱᠠᠩᠨᠠᠯ︾ ᠢ ᠭᠥᠷᠳᠡᠵᠦ᠂ 2019 ᠣᠨ ᠤ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠳᠠᠭᠤᠷᠢᠯᠢᠭ ᠤᠨ ᠤᠷᠤᠯᠳᠤᠭᠠᠨ ᠤ ︽ᠰᠢᠯᠢᠳᠡᠭ ᠵᠢᠯᠣᠭᠤᠳᠬᠤ ᠪᠠᠭᠰᠢ ᠶᠢᠨ ᠱᠠᠩᠨᠠᠯ︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠤᠯᠠᠭᠠᠨ ᠪᠥᠴᠡᠲᠡᠨ ᠤ ᠰᠡᠳᠬᠢᠯ ᠨᠠᠮ ᠲᠠᠭᠠᠨ︾ ᠭᠡᠬᠦ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠰᠢᠯᠢᠳᠡᠭ ᠵᠢᠯᠣᠭᠤᠳᠬᠤ ᠪᠠᠭᠰᠢ ᠶᠢᠨ ᠱᠠᠩᠨᠠᠯ︾ ᠢ ᠭᠥᠷᠳᠡᠪᠡ᠃ ᠵᠢᠯᠣᠭᠤᠳᠤᠭᠰᠠᠨ ᠪᠥᠵᠢᠭ ᠨᠢ ᠤᠯᠠᠭᠠᠨᠴᠠᠪ ᠬᠤᠲᠠ ᠶᠢᠨ ᠤᠷᠠᠯᠢᠭ ᠤᠨ ᠦᠵᠡᠭᠦᠯᠦᠯᠭᠡ ᠶᠢᠨ ᠨᠢᠭᠡᠳᠦᠭᠡᠷ ᠳᠡᠰ ᠤᠨ ᠱᠠᠩᠨᠠᠯ ᠢ ᠬᠦᠷᠲᠡᠪᠡ᠃  ᠯᠢᠶᠠᠩᠴᠧᠩ ᠰᠢᠶᠠᠨ ᠤ ᠬᠠᠪᠰᠤᠷᠤᠨ ᠵᠢᠯᠣᠭᠤᠳᠤᠭᠴᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠤᠨ ᠰᠤᠷᠭᠠᠨ ᠬᠥᠮᠦᠵᠢᠯ ᠤᠨ  ᠰᠢᠰᠲ᠋ᠧᠮ ᠤᠨ ᠤᠷᠠᠨ ᠤᠩᠱᠢᠯᠭ᠎ᠠ ᠶᠢᠨ ᠭᠤᠷᠪᠠᠳᠤᠭᠠᠷ ᠳᠡᠰ ᠤᠨ ᠱᠠᠩᠨᠠᠯ ᠢ ᠬᠦᠷᠲᠡᠪᠡ᠃ ᠲᠡᠭᠦᠨ ᠳᠤ ᠠᠪᠴᠤ ᠬᠡᠯᠡᠪᠡᠯ᠂ ᠡᠳᠡᠭᠡᠷ ᠢᠷᠠᠭᠤ ᠠᠯᠳᠠᠷ ᠪᠣᠯ ᠡᠴᠦᠰ ᠤᠨ ᠴᠡᠭ ᠪᠢᠰᠢ᠂ ᠬᠠᠷᠢᠨ ᠲᠡᠭᠦᠨ ᠤ ᠦᠰᠦᠨ ᠪᠤᠶᠢᠵᠢᠬᠤ ᠵᠠᠮ ᠳᠡᠭᠡᠷᠡᠬᠢ ᠪᠡᠯᠭᠡ ᠲᠡᠮᠳᠡᠭ ᠪᠠᠶᠢᠵᠤ᠂ ᠲᠡᠭᠦᠨ ᠤ ᠲᠠᠰᠤᠷᠠᠯᠳᠠ ᠦᠭᠡᠢ ᠤᠷᠤᠭᠰᠢᠯᠠᠬᠤ ᠶᠢ ᠵᠣᠷᠢᠭᠵᠢᠭᠤᠯᠵᠤ ᠪᠠᠶᠢᠨ᠎ᠠ᠃
      ︽ᠰᠢᠨ᠎ᠡ ᠴᠠᠭ ᠦᠶ᠎ᠡ ᠶᠢᠨ ᠵᠠᠯᠠᠭᠤᠴᠤᠳ ᠪᠣᠯᠤᠭᠰᠠᠨ ᠤ ᠬᠤᠪᠢ ᠳᠤ᠂ ᠨᠠᠮ ᠤᠨ ᠦᠢᠯᠡᠰ ᠲᠤ ᠪᠡᠯᠡᠳᠬᠡᠯ ᠴᠡᠷᠢᠭ ᠢ ᠬᠥᠮᠦᠵᠢᠭᠦᠯᠬᠦ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠢ ᠬᠢᠵᠦ ᠪᠠᠶᠢᠭ᠎ᠠ ᠨᠢ ᠮᠠᠰᠢ ᠶᠡᠭᠡ ᠬᠠᠷᠢᠭᠤᠴᠠᠯᠭ᠎ᠠ ᠲᠠᠢ ᠭᠡᠳᠡᠭ ᠢ ᠣᠶᠢᠯᠠᠭᠠᠵᠤ ᠪᠠᠶᠢᠨ᠎ᠠ᠃ ᠪᠢ ᠦᠷᠭᠦᠯᠵᠢᠯᠡᠨ < ᠲᠠᠪᠤᠨ ᠰᠠᠷ᠎ᠠ ᠶᠢᠨ ᠳᠥᠷᠪᠡᠨ ᠤ ᠵᠣᠷᠢᠭ ᠰᠠᠨᠠᠭ᠎ᠠ > ᠪᠠᠷ ᠵᠢᠯᠣᠭᠤᠳᠣᠯᠭ᠎ᠠ ᠪᠣᠯᠭᠠᠨ᠎ᠠ᠃ < ᠲᠠᠪᠤᠨ ᠰᠠᠷ᠎ᠠ ᠶᠢᠨ ᠳᠥᠷᠪᠡᠨ ᠤ ᠵᠣᠷᠢᠭ ᠰᠠᠨᠠᠭ᠎ᠠ >ᠬᠤᠶᠢᠰᠢᠳᠠ ᠶᠢᠨ ᠠᠵᠢᠯ ᠤᠨ ᠳᠤᠮᠳᠠ ᠪᠠᠨ ᠦᠷᠭᠦᠯᠵᠢᠯᠡᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠳᠠᠭᠠᠨ < ᠲᠠᠪᠤᠨ ᠰᠠᠷ᠎ᠠ ᠶᠢᠨ ᠳᠥᠷᠪᠡᠨ ᠤ ᠵᠣᠷᠢᠭ ᠰᠠᠨᠠᠭ᠎ᠠ >ᠰᠠᠭᠤᠷᠢᠯᠠᠨ᠂ ᠡᠷᠡᠯᠬᠡᠭᠯᠡᠨ ᠤᠷᠤᠭᠰᠢᠯᠠᠵᠤ᠂ ᠦᠷᠭᠦᠯᠵᠢᠯᠡᠨ ᠲᠡᠮᠡᠴᠡᠵᠦ᠂ ᠬᠠᠶᠢᠷ᠎ᠠ ᠪᠠᠷ ᠢᠶᠠᠨ ︿ᠤᠯᠠᠭᠠᠨ ᠪᠥᠴᠡᠲᠡᠨ < ᠲᠠᠪᠤᠨ ᠰᠠᠷ᠎ᠠ ᠶᠢᠨ ᠳᠥᠷᠪᠡᠨ ᠤ ᠵᠣᠷᠢᠭ ᠰᠠᠨᠠᠭ᠎ᠠ >﹀ ᠤ ᠰᠠᠶᠢᠨ ᠵᠠᠮᠴᠢ ᠪᠣᠯᠵᠣ᠂ ᠴᠥᠬᠦᠷᠡᠰᠢ ᠥᠬᠡᠶ ᠴᠢᠷᠮᠠᠶᠢᠯᠭ᠎ᠠ ᠪᠠᠷ ᠵᠠᠯᠠᠭᠤ ᠨᠠᠰᠤᠨ ᠤ ᠡᠨᠡ ᠬᠦ ᠬᠠᠷᠢᠭᠤᠯᠲᠠ ᠶᠢᠨ < ᠲᠠᠪᠤᠨ ᠰᠠᠷ᠎ᠠ ᠶᠢᠨ ᠳᠥᠷᠪᠡᠨ ᠤ ᠵᠣᠷᠢᠭ ᠰᠠᠨᠠᠭ᠎ᠠ >ᠬᠠᠭᠤᠳᠠᠰᠤ ᠶᠢ ᠪᠢᠴᠢᠭᠯᠡᠨ᠎ᠡ᠃  ︾ ᠱᠤᠤ ᠨᠠᠨ ᠬᠡᠯᠡᠪᠡ᠃< ᠲᠠᠪᠤᠨ ᠰᠠᠷ᠎ᠠ ᠶᠢᠨ ᠳᠥᠷᠪᠡᠨ ᠤ ᠵᠣᠷᠢᠭ ᠰᠠᠨᠠᠭ᠎ᠠ >                                              ᠨᠠᠶᠢᠷᠠᠭᠤᠯᠤᠭᠴᠢ᠄  ᠯᠢ ᠬᠤᠩ ᠢᠦᠢ  < ᠲᠠᠪᠤᠨ ᠰᠠᠷ᠎ᠠ ᠶᠢᠨ ᠳᠥᠷᠪᠡᠨ ᠤ ᠵᠣᠷᠢᠭ ᠰᠠᠨᠠᠭ᠎ᠠ >                                              ᠤᠷᠴᠢᠭᠤᠯᠤᠭᠴᠢ᠄   ᠼᠦᠢ ᠴᠢᠩ< ᠲᠠᠪᠤᠨ ᠰᠠᠷ᠎ᠠ ᠶᠢᠨ ᠳᠥᠷᠪᠡᠨ ᠤ ᠵᠣᠷᠢᠭ ᠰᠠᠨᠠᠭ᠎ᠠ >
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2