ᠵᠠᠩ ᠲᠢᠶᠠᠨ ᠯᠦᠩ ᠄ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ 20 ᠵᠢᠯ ᠤᠨ ᠲᠤᠷᠰᠢ ᠬᠦᠴᠦ ᠬᠥᠯᠥᠰᠦ ᠪᠠᠨ ᠤᠷᠤᠰᠬᠠᠵᠤ ᠬᠠᠷᠠᠮ ᠦᠭᠡᠢ ᠵᠣᠷᠢᠭᠤᠯᠪᠠ
ᠨᠡᠶᠢᠲᠡᠯᠡᠭᠰᠡᠨ ᠴᠠᠭ᠄
2024/5/4
    ᠲᠡᠷᠡ ᠨᠢᠭᠡᠨ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠ ᠠᠵᠢᠯ ᠦᠢᠯᠡᠰ ᠤᠨ ᠰᠡᠳᠬᠢᠯᠭᠡ ᠪᠠᠷ᠂ ᠯᠢᠶᠠᠩᠴᠧᠩ ᠰᠢᠶᠠᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠨᠢᠭᠡᠳᠦᠭᠡᠷ ᠹᠷᠣᠨᠲ ᠢ ᠵᠢᠯ ᠲᠤᠷᠰᠢ 20 ᠭᠠᠷᠤᠶ ᠵᠢᠯ ᠰᠠᠬᠢᠵᠤ᠂ ᠡᠩ ᠤᠨ ᠣᠯᠠᠨ ᠠᠵᠢᠯ ᠤᠨ ᠪᠠᠶᠢᠷᠢ ᠳᠡᠭᠡᠷ᠎ᠡ ᠰᠢᠷᠭᠠᠭᠤ ᠬᠢᠴᠢᠶᠡᠩᠭᠦ᠋ᠢᠯᠡᠨ ᠠᠵᠢᠯᠯᠠᠵᠤ᠂ ᠨᠢᠭᠡ ᠯᠡ ᠰᠡᠳᠬᠢᠯ ᠢᠶᠠᠷ ᠰᠤᠳᠤᠯᠵᠤ᠂ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠥᠪᠡᠷ ᠤᠨ ᠬᠦᠴᠦ ᠬᠥᠯᠥᠰᠥ ᠪᠠᠨ ᠪᠦᠬᠦ ᠰᠢᠶᠠᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠦᠢᠯᠡᠰ ᠲᠤ ᠵᠣᠷᠢᠭᠤᠯᠪᠠ᠃ ᠲᠡᠷᠡ ᠪᠣᠯ ᠳᠠᠷᠤᠢ ᠯᠢᠶᠠᠩᠴᠧᠩ ᠰᠢᠶᠠᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠣᠶᠢᠵᠢᠭᠤᠯᠵᠤ ᠡᠯᠡᠰᠦ ᠶᠢ ᠵᠠᠰᠠᠬᠤ ᠲᠠᠰᠤᠭ ᠤᠨ ᠳᠠᠷᠤᠭ᠎ᠠ ᠵᠠᠩ ᠲᠢᠶᠠᠨ ᠯᠦᠩ ᠪᠣᠯᠤᠨ᠎ᠠ᠃
      ᠣᠶᠢᠷ᠎ᠠ ᠳᠤ᠂ ᠰᠤᠷᠪᠤᠯᠵᠢᠯᠠᠭᠴᠢ ᠬᠤᠩ ᠮᠤᠤ ᠪᠠᠯᠭᠠᠰᠤᠨ ᠤ ᠭᠧ  ᠴᠧᠦ ᠭᠤᠤ ᠲᠣᠰᠬᠤᠨ ᠤ ᠮᠣᠳᠣ ᠳᠠᠷᠢᠵᠤ ᠣᠶᠢᠵᠢᠭᠤᠯᠬᠤ ᠲᠤᠬᠠᠶ ᠶᠢᠨ ᠲᠠᠯᠠᠪᠠᠶ ᠳᠤ᠂ ᠪᠢᠳᠡ ᠶᠠᠭ ᠬᠠᠪᠤᠷ ᠤᠨ ᠤᠯᠠᠷᠢᠯ ᠤᠨ ᠤᠰᠤ ᠰᠡᠷᠭᠡᠶᠢᠯᠡᠵᠦ ᠣᠶᠢᠵᠢᠭᠤᠯᠬᠤ ᠨᠢᠭᠡᠳᠦᠭᠡᠷ ᠹᠷᠣᠨᠲ ᠲᠤ ᠪᠠᠶᠢᠭ᠎ᠠ ᠵᠠᠩ ᠲᠢᠶᠠᠨ ᠯᠦᠩ ᠲᠠᠢ ᠠᠭᠤᠯᠵᠠᠵᠤ᠂ ᠵᠥᠪᠬᠡᠨ ᠮᠡᠷᠭᠡᠵᠢᠯ ᠤᠨ ᠵᠢᠯᠣᠭᠤᠳᠣᠯᠭ᠎ᠠ ᠬᠢᠵᠦ᠂ ᠨᠢᠭᠡ ᠲᠠᠯ᠎ᠠ ᠪᠠᠷ ᠮᠡᠷᠭᠡᠵᠢᠯ ᠤᠨ ᠵᠢᠯᠣᠭᠤᠳᠣᠯᠭ᠎ᠠ ᠬᠢᠵᠦ᠂ ᠨᠥᠭᠦᠭᠡ ᠲᠠᠯ᠎ᠠ ᠪᠠᠷ ᠬᠠᠮᠢᠶ᠎ᠠ ᠪᠥᠬᠦᠶ ᠲᠤᠭ᠎ᠠ ᠪᠠᠷᠢᠮᠲᠠ ᠶᠢᠨ ᠮᠠᠲ᠋ᠧᠷᠢᠶᠠᠯ ᠢ ᠴᠤᠭᠯᠠᠭᠤᠯᠵᠤ᠂ ᠰᠤᠯᠠ ᠰᠡᠯᠡᠭᠦᠤ ᠴᠠᠭ ᠲᠤ ᠲᠡᠷᠡ ᠪᠠᠰᠠ ᠲᠡᠮᠦᠷ ᠬᠦᠷᠵᠡ ᠠᠳᠬᠤᠨ ᠣᠯᠠᠨ ᠲᠦᠮᠡᠨ ᠲᠠᠢ ᠬᠠᠮᠲᠤ ᠬᠦᠷᠵᠡ ᠠᠳᠬᠤᠨ ᠰᠢᠷᠣᠶ ᠬᠤᠰᠤᠵᠤ᠂ ᠰᠢᠷᠣᠶ ᠰᠠᠭᠤᠯᠭᠠᠨ ᠬᠠᠰᠢᠯᠭ᠎ᠠ ᠬᠦᠷᠢᠶᠡᠯᠡᠵᠦ᠂ ᠨᠢᠭᠡ ᠰᠠᠭᠤᠷᠢ ᠬᠦᠰᠡᠯ ᠡᠷᠡᠮᠡᠯᠵᠡᠯ ᠢᠶᠠᠷ ᠪᠢᠯᠬᠠᠭᠰᠠᠨ ᠰᠢᠨ᠎ᠡ ᠴᠢᠬᠢ ᠰᠠᠭᠤᠯᠭᠠᠪᠠ᠃ ︽ᠪᠢ 2002 ᠣᠨ ᠳᠤ ᠠᠵᠢᠯ ᠮᠡᠷᠭᠡᠵᠢᠯ ᠤᠨ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠳᠤ ᠣᠷᠣᠵᠤ᠂ ᠣᠶᠢᠵᠢᠭᠤᠯᠵᠤ ᠡᠯᠡᠰᠦ ᠶᠢ ᠵᠠᠰᠠᠬᠤ ᠠᠵᠢᠯ ᠢ ᠢᠮᠠᠭᠲᠠ ᠬᠢᠵᠦ᠂ ᠮᠠᠨ ᠤ ᠰᠢᠶᠠᠨ ᠤ ᠬᠢᠯᠢ ᠳᠣᠲᠣᠷ᠎ᠠ ᠬᠡᠷᠡᠭᠵᠢᠭᠦᠯᠦᠭᠰᠡᠨ ︿ᠪᠡᠭᠡᠵᠢᠩ ᠲᠢᠶᠠᠨᠵᠢᠨ﹀ ᠰᠠᠯᠬᠢ ᠡᠯᠡᠰᠦᠨ ᠤ ᠡᠬᠢ ᠶᠢ ᠵᠠᠰᠠᠬᠤ᠂ ᠣᠶᠢᠵᠢᠭᠤᠯᠬᠤ ᠨᠥᠬᠦᠪᠥᠷᠢ᠂ ︿ᠭᠤᠷᠪᠠᠨ ᠤᠮᠠᠷᠠᠲᠤ﹀ ᠢᠨᠵᠧᠨᠧᠷᠢᠩ ᠵᠡᠷᠭᠡ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠣᠯᠠᠨ ᠵᠦᠢᠯ ᠤᠨ ᠲᠥᠷᠥᠯ ᠵᠦᠢᠯ ᠢ ᠡᠷᠭᠢᠯᠡᠨ ᠪᠠᠶᠢᠭᠤᠯᠵᠤ᠂ ᠣᠯᠠᠨ ᠵᠢᠯ ᠤᠨ ᠴᠢᠷᠮᠠᠶᠢᠯᠭ᠎ᠠ ᠪᠠᠷ ᠳᠡᠮᠵᠢᠨ᠂ ᠮᠠᠨ ᠤ ᠰᠢᠶᠠᠨ ᠤ ᠣᠶ ᠰᠢᠭᠤᠶ ᠶᠢᠨ ᠪᠦᠷᠬᠦᠴᠡ ᠶᠢᠨ ᠨᠣᠷᠮ᠎ᠠ 35.57% ᠳᠤ ᠬᠦᠷᠴᠦ᠂ ᠣᠶ ᠰᠢᠭᠤᠶ ᠡᠪᠡᠰᠦ ᠶᠢᠨ ᠢᠳᠡᠭᠳᠡᠯ ᠢ ᠪᠦᠲᠦᠮᠵᠢᠲᠡᠶ ᠵᠠᠰᠠᠵᠤ᠂ ᠤᠮᠠᠷᠠᠲᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠵᠡᠶ᠃
   ᠵᠠᠩ ᠲᠢᠶᠠᠨ ᠯᠦᠩ 1979 ᠣᠨ ᠤ 2 ᠰᠠᠷ᠎ᠠ ᠳᠤ ᠳᠦᠷᠦᠵᠡᠶ᠂ 1998 ᠣᠨ ᠤ 12 ᠰᠠᠷ᠎ᠠ ᠳᠤ ᠴᠡᠷᠢᠭ ᠲᠤ ᠣᠷᠣᠵᠤ᠂ 2002 ᠣᠨ ᠤ 10 ᠰᠠᠷ᠎ᠠ ᠳᠤ ᠲᠡᠷᠡ ᠴᠡᠷᠢᠭ ᠠᠴᠠ ᠬᠠᠯᠠᠭᠳᠠᠵᠤ ᠯᠢᠶᠠᠩᠴᠧᠩ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠣᠶᠢᠵᠢᠭᠤᠯᠬᠤ ᠥᠷᠲᠡᠭᠡ ᠳᠤ ᠬᠤᠪᠢᠶᠠᠭᠳᠠᠵᠤ᠂ ᠡᠭᠦᠨ ᠠᠴᠠ ᠡᠬᠢᠯᠡᠨ ︽ᠣᠶ ᠰᠢᠭᠤᠶ ᠪᠠᠷ ᠬᠠᠨᠢ ᠪᠣᠯᠵᠤ᠂ ᠡᠯᠡᠰᠦ ᠪᠠᠷ ᠬᠠᠨᠢ ᠪᠣᠯᠬᠤ︾ ᠠᠵᠢᠯ ᠤᠨ ᠠᠮᠢᠳᠤᠷᠠᠯ ᠢᠶᠠᠨ ᠡᠬᠢᠯᠡᠭᠦᠯᠪᠡ᠃ ᠲᠡᠷᠡ ᠡᠳᠦᠷ ᠲᠡᠭᠡᠨ ᠣᠢ ᠶᠢᠨ ᠳᠤᠮᠳᠠ ᠶᠠᠪᠤᠵᠤ᠂ ᠰᠥᠨᠢ ᠳᠡᠭᠡᠨ ᠲᠤᠬᠠᠶᠢᠯᠠᠭᠰᠠᠨ ᠠᠵᠢᠯ ᠤᠨ ᠣᠨᠣᠯ ᠤᠨ ᠮᠡᠳᠡᠯᠭᠡ ᠶᠢ ᠨᠠᠷᠢᠨ ᠬᠢᠨᠠᠮᠠᠭᠠᠶ ᠰᠤᠷᠤᠯᠴᠠᠵᠤ᠂ 2003 ᠣᠨ ᠳᠤ ᠣᠶ ᠰᠢᠭᠤᠶ ᠶᠢᠨ ᠲᠤᠰᠠᠯᠠᠬᠤ ᠢᠨᠵᠧᠨᠧᠷ ᠢᠶᠠᠷ ᠦᠨᠡᠯᠡᠭᠳᠡᠵᠦ᠂ ᠲᠤᠬᠠᠶᠢᠯᠠᠭᠰᠠᠨ ᠠᠵᠢᠯ ᠤᠨ ᠴᠢᠳᠠᠪᠤᠷᠢ ᠲᠣᠪᠤᠶᠢᠮ᠎ᠠ᠂ 2010 ᠣᠨ ᠳᠤ ᠣᠶᠢᠵᠢᠭᠤᠯᠬᠤ ᠥᠷᠲᠡᠭᠡ ᠶᠢᠨ ᠳᠠᠷᠤᠭ᠎ᠠ ᠪᠠᠷ ᠳᠡᠪᠰᠢᠵᠦ᠂ 2021 ᠣᠨ ᠳᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠣᠬᠢᠷᠠᠭᠤᠯᠤᠯᠲᠠ ᠶᠣᠰᠣᠭᠠᠷ᠂ ᠣᠶᠢᠵᠢᠭᠤᠯᠬᠤ ᠡᠯᠡᠰᠦ ᠶᠢ ᠵᠠᠰᠠᠬᠤ ᠲᠠᠰᠤᠭ ᠤᠨ ᠳᠠᠷᠤᠭ᠎ᠠ ᠪᠣᠯᠪᠠ᠃ ᠣᠶᠢᠵᠢᠭᠤᠯᠵᠤ ᠡᠯᠡᠰᠦ ᠶᠢ ᠵᠠᠰᠠᠬᠤ ᠠᠵᠢᠯ ᠬᠢᠭᠰᠡᠨ ᠠᠴᠠ ᠨᠠᠰᠢ᠂ ᠲᠡᠷᠡ ᠪᠠᠷᠤᠭ ᠨᠢᠭᠡ ᠬᠥᠯ᠂ ᠨᠢᠭᠡ GPS ᠣᠶᠢᠲᠤ ᠣᠷᠣᠨ ᠤ ᠨᠢᠭᠡ ᠨᠦᠬᠡᠨ ᠳᠤ ᠰᠢᠯᠵᠢᠭᠦᠯᠵᠦ᠂ ᠯᠢᠶᠠᠩᠴᠧᠩ ᠰᠢᠶᠠᠨ ᠤ ᠰᠢᠭᠤᠶᠢᠲᠤ ᠣᠷᠣᠨ ᠤ ᠭᠠᠵᠠᠷ ᠤᠨ ᠪᠠᠶᠢᠴᠠ᠂ ᠣᠢ ᠰᠢᠭᠤᠶ ᠶᠢᠨ ᠡᠬᠢ ᠪᠠᠶᠠᠯᠢᠭ ᠤᠨ ᠪᠠᠶᠢᠳᠠᠯ ᠵᠡᠷᠭᠡ ᠶᠢ ᠴᠡᠭᠡᠵᠢᠨ ᠳᠡᠭᠡᠨ ᠪᠣᠳᠣᠵᠤ᠂ ᠨᠥᠬᠦᠳ ᠲᠤ ᠯᠢᠶᠠᠩᠴᠧᠩ ᠰᠢᠶᠠᠨ ᠤ ᠰᠢᠭᠤᠶᠢᠲᠤ ᠣᠷᠣᠨ ᠤ ︽ᠠᠮᠢᠳᠤ ᠭᠠᠵᠠᠷ ᠤᠨ ᠵᠢᠷᠤᠭ︾ ᠬᠡᠮᠡᠭᠳᠡᠭᠰᠡᠨ ᠪᠠᠶᠢᠨ᠎ᠠ᠃    ᠮᠠᠨ ᠤ ᠰᠢᠶᠠᠨ ᠤ ︽ᠭᠤᠷᠪᠠᠨ ᠤᠮᠠᠷᠠᠲᠤ︾ ᠶᠢᠨ ᠢᠨᠵᠧᠨᠧᠷᠢᠩ 1978 ᠣᠨ ᠠᠴᠠ 2000 ᠤᠨ ᠪᠣᠯᠲᠠᠯ᠎ᠠ ᠤᠷᠢᠳ ᠬᠤᠵᠢᠳ ᠭᠤᠷᠪᠠᠨ ᠬᠤᠭᠤᠴᠠᠭ᠎ᠠ ᠬᠡᠷᠡᠭᠵᠢᠭᠦᠯᠵᠦ᠂ ᠤᠮᠠᠷᠠᠲᠤ ᠣᠷᠣᠨ ᠤ ᠬᠠᠷᠭᠠᠨ᠎ᠠ᠂ ᠬᠠᠷ᠎ᠠ ᠨᠠᠷᠠᠰᠤ᠂ ᠬᠡᠭᠡᠷ᠎ᠡ ᠶᠢᠨ ᠭᠦᠢᠯᠡᠰᠦ᠂ ᠴᠢᠴᠠᠷᠭᠠᠨ᠎ᠠ᠂ ᠬᠠᠷᠭᠠᠨ᠎ᠠ ᠪᠠᠷ ᠭᠤᠣᠯ ᠮᠣᠳᠣᠨ ᠤ ᠲᠥᠷᠥᠯ ᠪᠣᠯᠭᠠᠵᠤ᠂ ᠣᠶᠢᠵᠢᠭᠤᠯᠵᠤ ᠬᠠᠳᠠᠭᠠᠯᠠᠭᠰᠠᠨ ᠲᠠᠯᠠᠪᠠᠢ ᠨᠢ ᠪᠠᠷᠤᠭ 15 ᠲᠦᠮᠡᠨ ᠮᠦ ᠪᠠᠶᠢᠪᠠ᠃ 2023 ᠣᠨ ᠤ 10 ᠰᠠᠷ᠎ᠠ ᠳᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠪᠦᠬᠦ ᠲᠠᠯ᠎ᠠ ᠪᠠᠷ ᠥᠷᠨᠢᠵᠦ᠂ ᠮᠠᠨ ᠤ ᠰᠢᠶᠠᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢᠨ ᠣᠷᠣᠨ ᠳᠤ ᠬᠠᠷᠢᠶᠠᠯᠠᠭᠳᠠᠨ᠎ᠠ᠃ 2024 - 2030 ᠣᠨ ᠳᠤ ᠪᠥᠬᠦ ᠰᠢᠶᠠᠨ ᠢᠶᠠᠷ ᠢᠶᠠᠨ 3.7 ᠲᠦᠮᠡᠨ ᠮᠥ ᠣᠶᠢᠵᠢᠭᠤᠯᠵᠤ ᠡᠪᠡᠰᠦ ᠳᠠᠷᠢᠬᠤ ᠶᠢ ᠪᠡᠶᠡᠯᠡᠭᠦᠯᠵᠦ᠂ ᠣᠶ ᠰᠢᠭᠤᠶ ᠡᠪᠡᠰᠦ ᠪᠡᠯᠴᠢᠭᠡᠷ ᠤᠨ ᠶᠠᠰᠤ ᠴᠢᠨᠠᠷ ᠢ 53.8 ᠲᠦᠮᠡᠨ ᠮᠥ ᠪᠠᠬᠢᠵᠢᠭᠦᠯᠦᠨ ᠳᠡᠭᠡᠭᠰᠢᠯᠡᠭᠦᠯᠬᠦ ᠪᠠᠷ ᠲᠥᠯᠥᠪᠯᠡᠵᠦ ᠪᠣᠶ᠃ ᠵᠠᠩ ᠲᠢᠶᠠᠨ ᠯᠦᠩ ︽ᠭᠤᠷᠪᠠᠨ ᠤᠮᠠᠷᠠᠲᠤ︾ ᠶᠢᠨ ᠬᠠᠯᠬᠠᠪᠴᠢ ᠣᠢ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠳᠤ ᠢᠳᠡᠪᠬᠢᠲᠡᠢ ᠣᠷᠣᠯᠴᠠᠵᠤ᠂ ᠰᠢᠶᠠᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠮᠡᠷᠭᠡᠵᠢᠯᠲᠡᠨ ᠪᠣᠯᠤᠭᠰᠠᠨ ᠤ ᠬᠤᠪᠢ ᠳᠤ᠂ ᠪᠡᠶ᠎ᠡ ᠮᠠᠬᠠᠪᠣᠳ ᠤᠨ ᠶᠠᠳᠠᠷᠠᠯ ᠵᠦᠳᠡᠷᠡᠯ ᠢ ᠬᠠᠶᠢᠬᠤᠷᠤᠯ ᠦᠭᠡᠢ ᠪᠠᠷ ᠦᠷᠭᠦᠯᠵᠢ ᠬᠥᠳᠡᠭᠡ ᠪᠠᠭᠤᠵᠤ ᠬᠠᠷᠢᠵᠤ ᠢᠷᠡᠨ ᠂ ᠴᠠᠭ ᠨᠡᠮᠡᠵᠦ ᠠᠵᠢᠯᠯᠠᠳᠠᠭ᠃ ᠣᠳᠣᠬᠠᠨ ᠳᠤ᠂ ᠮᠠᠨ ᠤ ᠰᠢᠶᠠᠨ ᠨᠢᠭᠡᠨᠲᠡ 6.98 ᠲᠦᠮᠡᠨ ᠮᠥ ᠡᠪᠡᠰᠦ ᠳᠠᠷᠢᠬᠤ ᠲᠠᠯᠠᠪᠠᠶ ᠶᠢ ᠪᠡᠶᠡᠯᠡᠭᠦᠯᠵᠦ᠂ ᠣᠶ ᠰᠢᠭᠤᠶ ᠡᠪᠡᠰᠦ ᠪᠡᠯᠴᠢᠭᠡᠷ ᠤᠨ ᠶᠠᠰᠤ ᠴᠢᠨᠠᠷ ᠢ 16 ᠲᠦᠮᠡᠨ ᠮᠥ ᠪᠠᠬᠢᠵᠢᠭᠦᠯᠦᠨ ᠳᠡᠭᠡᠭᠰᠢᠯᠡᠭᠦᠯᠪᠡ᠃
      ᠤᠷᠢᠬᠠᠨ ᠬᠠᠪᠤᠷ ᠰᠠᠭᠠᠳᠠᠵᠤ ᠬᠤᠸᠠᠷ ᠴᠡᠴᠡᠭ ᠮᠢᠷᠠᠯᠵᠠᠨ ᠳᠡᠯᠭᠡᠷᠡᠭᠰᠡᠨ ᠰᠢᠭᠤᠶᠢᠲᠤ ᠣᠷᠣᠨ ᠳᠤ ᠵᠣᠭᠰᠣᠨ᠂ ᠰᠠᠯᠬᠢ ᠢᠯᠪᠢᠵᠦ ᠡᠪᠡᠰᠦ ᠪᠡᠯᠴᠢᠭᠡᠷ ᠴᠡᠪᠡᠷ ᠲᠤᠩᠭᠠᠯᠠᠭ ᠪᠠᠶᠢᠯ᠎ᠠ᠃ ᠵᠠᠩ ᠲᠢᠶᠠᠨ ᠯᠦᠩ ᠪᠠᠶᠠᠷᠲᠠᠢ ᠪᠠᠷ᠄ ︽ᠪᠢ ᠥᠩᠭᠡᠷᠡᠭᠰᠡᠨ ᠲᠠᠢ ᠪᠠᠨ ᠠᠳᠠᠯᠢ ᠪᠠᠷ ᠠᠵᠢᠯ ᠳᠠᠭᠠᠨ ᠥᠴᠦᠬᠡᠨ ᠴᠦ ᠣᠰᠣᠯᠳᠠᠬᠤ ᠦᠭᠡᠢ᠂ ᠠᠵᠢᠯᠴᠢ ᠬᠢᠴᠢᠶᠡᠩᠭᠦᠢ ᠪᠠᠷ ᠬᠠᠨᠳᠤᠬᠤ ᠶᠢ ᠪᠠᠷᠢᠮᠲᠠᠯᠠᠵᠤ᠂ ᠲᠤᠰᠬᠠᠢ ᠮᠡᠷᠭᠡᠵᠢᠯ ᠤᠨ ᠡᠷᠳᠡᠮ ᠮᠡᠳᠡᠯᠭᠡ ᠶᠢ ᠴᠢᠷᠮᠠᠶᠢᠨ ᠰᠤᠷᠤᠯᠴᠠᠵᠤ᠂ ᠲᠤᠬᠠᠶᠢᠯᠠᠭᠰᠠᠨ ᠠᠵᠢᠯ ᠳᠠᠭᠠᠨ ᠨᠢᠭᠲᠠ ᠠᠴᠠ ᠨᠢᠭᠲᠠ ᠬᠠᠨᠳᠤᠵᠤ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠲᠠᠰᠤᠷᠠᠯᠲᠠ ᠦᠭᠡᠢ  ᠤᠷᠤᠭᠰᠢᠯᠠᠨ᠎ᠠ︾ ᠭᠡᠪᠡ᠃                                           ᠨᠠᠶᠢᠷᠠᠭᠤᠯᠤᠭᠴᠢ᠄  ᠯᠢ ᠬᠤᠩ ᠢᠦᠢ                                             ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2