ᠯᠢᠶᠠᠩᠴᠧᠩ ᠰᠢᠶᠠᠨ᠄ ᠠᠷᠠᠳ ᠤᠨ ᠠᠮᠢᠳᠤᠷᠠᠯ ᠢ ᠰᠠᠶᠢᠵᠢᠷᠠᠭᠤᠯᠵᠦ ᠣᠯᠠᠨ ᠲᠦᠮᠡᠨ ᠤ ᠠᠵᠠ ᠵᠢᠷᠭᠠᠯ ᠢ ᠤᠮᠳᠠᠯᠠᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/5/4
  ᠤᠢᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ᠢᠮᠠᠭᠲᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠭᠤᠣᠯ ᠠᠷᠭ᠎ᠠ ᠵᠠᠮ ᠪᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠶᠢᠨ ᠡᠭᠦᠰᠦᠯᠲᠡ ᠶᠢᠨ ᠴᠡᠭ ᠪᠣᠯᠭᠠᠵᠤ᠂ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠪᠦᠬᠦ ᠰᠢᠶᠠᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠬᠤ ᠭᠠᠷᠳᠠᠴᠠ ᠪᠣᠯᠭᠠᠵᠤ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠦᠨᠳᠦᠰᠦᠨ ᠱᠠᠲᠤᠨ ᠤ ᠠᠵᠤ ᠦᠢᠯᠡᠰ ᠤᠨ ᠬᠥᠭᠵᠢᠯᠲᠡ ᠪᠠ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃    ᠯᠢᠶᠠᠩᠴᠧᠩ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠢᠶᠠᠨ ᠤ ᠳᠣᠲᠣᠷᠠᠬᠢ ᠴᠣᠷ ᠤᠨ ᠭᠠᠭᠴᠠ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠰᠢᠶᠠᠩ - ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ ᠪᠣᠯ ᠨᠡᠩ ᠴᠤ ᠠᠷᠭ᠎ᠠ ᠪᠦᠬᠦᠨ ᠢ ᠰᠦᠪᠡᠭᠴᠢᠯᠡᠨ ᠣᠷᠣᠭᠤᠯᠤᠯᠲᠠ ᠪᠠᠨ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠦᠬᠦ ᠬᠦᠴᠦᠨ ᠢᠶᠠᠷ ᠢᠶᠠᠨ ᠪᠠᠲᠤ ᠰᠠᠬᠢᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠬᠦ ᠪᠠᠷ ᠴᠢᠷᠮᠠᠶᠢᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ᠂ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠨ᠎ᠠ᠃    2021 ᠣᠨ ᠠᠴᠠ ᠨᠠᠰᠢ᠂ ᠪᠥᠬᠦ ᠰᠢᠶᠠᠨ ᠢᠶᠠᠷ ᠢᠶᠠᠨ ᠵᠢᠯ ᠪᠦᠷᠢ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ ᠶᠢ ᠴᠢᠷᠮᠠᠶᠢᠨ ᠣᠯᠵᠤ᠂ ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠨᠡᠶᠢᠭᠡᠮ ᠤᠨ ᠦᠢᠯᠡᠰ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠨᠡᠶᠢᠲᠡ 400 ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠵᠤ ᠰᠢᠶᠠᠩ ᠤᠨ ᠳᠣᠲᠣᠷᠠᠬᠢ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠭᠡᠭᠰᠢᠯᠡᠭᠦᠯᠪᠡ᠃ ᠥᠪᠥᠷ ᠮᠣᠩᠭᠤᠯ ᠤᠨ ᠤᠯᠤᠰ ᠲᠥᠷᠥ ᠶᠢᠨ ᠵᠥᠪᠯᠡᠯᠭᠡᠨ ᠲᠠᠢ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ᠵᠢᠯ ᠪᠦᠷᠢ ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ ᠳᠤ ᠴᠡᠭ ᠲᠣᠭᠲᠠᠭᠠᠨ ᠬᠠᠪᠰᠤᠷᠤᠨ ᠲᠡᠳᠬᠦᠬᠦ᠂ ᠠᠵᠤ ᠦᠢᠯᠡᠰ ᠤᠨ ᠵᠢᠯᠣᠭᠤᠳᠤᠯᠭ᠎ᠠ᠂ ᠡᠮᠴᠢᠯᠡᠭᠡᠨ ᠤ ᠠᠪᠤᠷᠠᠨ ᠲᠤᠰᠠᠯᠠᠯᠲᠠ ᠪᠠ ᠲᠠᠶᠢᠯᠤᠮᠵᠢ ᠶᠢᠨ ᠪᠣᠯᠪᠠᠰᠤᠷᠠᠭᠤᠯᠤᠯ ᠬᠠᠩᠭᠠᠨ᠎ᠠ᠃ ᠥᠩᠭᠡ ᠦᠵᠡᠮᠵᠢ ᠭᠠᠯ ᠨᠣᠣᠯᠣᠭᠤᠷ ᠢ ᠨᠢᠭᠡ ᠴᠣᠭᠴᠠᠵᠢᠭᠤᠯᠤᠭᠰᠠᠨ ᠴᠡᠪᠡᠷ ᠡᠨᠧᠷᠭᠢ ᠶᠢ ᠭᠠᠳᠠᠭᠰᠢ ᠭᠠᠷᠭᠠᠬᠤ᠂ ᠦᠬᠡᠷ ᠤᠨ ᠮᠢᠬ᠎ᠠ ᠶᠢ ᠲᠡᠵᠢᠭᠡᠨ ᠦᠷᠡᠵᠢᠭᠦᠯᠬᠦ ᠶᠢ ᠪᠥᠬᠦ ᠬᠦᠴᠦᠨ ᠢᠶᠠᠷ ᠢᠶᠠᠨ ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ ᠤᠨ ︽ᠨᠢᠳᠤᠷᠭᠠᠨ︾ ᠪᠣᠯᠭᠠᠨ ᠪᠠᠶᠢᠭᠤᠯᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠪᠣᠯᠬᠤ ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ ᠤᠨ ᠬᠥᠭᠵᠢᠯᠲᠡ ᠶᠢ ᠵᠠᠩᠭᠢᠯᠠᠭ᠎ᠠ ᠶᠢᠨ ᠨᠢᠭᠡ ᠠᠯᠬᠤᠮ ᠠᠯᠬᠤᠭᠤᠯᠪᠠ᠃ ᠠᠷᠠᠳ ᠲᠤ ᠠᠰᠢᠭ ᠬᠦᠷᠲᠡᠭᠡᠬᠦ ᠪᠡᠯᠡ ᠮᠥᠩᠭᠦ ᠶᠢᠨ ᠣᠷᠣᠭᠤᠯᠤᠯᠲᠠ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠤ ᠠᠰᠢᠭ ᠲᠤᠰᠠ ᠶᠢᠨ ᠨᠢᠭᠡ ᠪᠦᠯᠦᠭ ᠠᠰᠠᠭᠤᠳᠠᠯ ᠤᠳ ᠢ ᠪᠦᠲᠦᠮᠵᠢᠲᠡᠶ ᠰᠢᠶ᠋ᠳᠪᠦᠷᠢᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠮᠢᠳᠤᠷᠠᠯ ᠤᠨ ᠣᠷᠴᠢᠨ ᠲᠣᠭᠤᠷᠢᠨ᠂ ᠦᠢᠯᠡᠳᠪᠦᠷᠢᠯᠡᠯ ᠤᠨ ᠨᠥᠬᠦᠴᠡᠯ᠂ ᠠᠮᠢᠳᠤᠷᠠᠯ ᠤᠨ ᠶᠠᠰᠤ ᠴᠢᠨᠠᠷ ᠢ ᠶᠡᠬᠡᠪᠡᠷ ᠰᠠᠶᠢᠵᠢᠷᠠᠭᠤᠯᠬᠤ ᠬᠡᠷᠡᠭᠲᠡᠶ᠃    ᠣᠳᠣᠬᠠᠨ ᠳᠤ᠂ ᠯᠢᠶᠠᠩᠴᠧᠩ ᠰᠢᠶᠠᠨ ᠤ ᠬᠤᠲᠠ ᠪᠠᠯᠭᠠᠰᠤ ᠪᠤᠶᠤ ᠬᠥᠳᠡᠭᠡ ᠲᠣᠰᠬᠤᠨ ᠭᠡᠰᠡᠨ ᠦᠭᠡᠢ᠂ ᠭᠠᠵᠠᠷ ᠪᠣᠯᠭᠠᠨ ᠳᠤ ᠠᠵᠤ ᠦᠢᠯᠡᠰ ᠬᠥᠭᠵᠢᠭᠰᠡᠨ᠂ ᠠᠮᠤᠷ ᠲᠠᠶᠢᠪᠤᠩ ᠠᠵᠤ ᠲᠦᠷᠦᠭᠦ᠂ ᠴᠡᠴᠡᠭᠯᠡᠨ ᠬᠥᠭᠵᠢᠭᠰᠡᠨ ᠪᠠᠶᠢᠳᠠᠯ ᠢᠯᠡᠷᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠢᠯᠡᠳᠲᠡ ᠳᠡᠭᠡᠭᠰᠢᠯᠡᠵᠦ᠂ ᠨᠠᠮ ᠤᠨ ᠨᠢᠭᠲᠠᠷᠠᠯ ᠤᠨ ᠬᠦᠴᠦᠨ᠂ ᠲᠥᠪᠯᠡᠩᠭᠦᠶ ᠬᠦᠴᠦᠨ ᠲᠠᠰᠤᠷᠠᠯᠲᠠ ᠦᠭᠡᠢ ᠴᠢᠩᠭᠠᠷᠠᠪᠠ᠃                                          ᠨᠠᠶᠢᠷᠠᠭᠤᠯᠤᠭᠴᠢ᠄  ᠯᠢ ᠬᠤᠩ ᠢᠦᠢ                                             ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2