ᠯᠢᠶᠠᠩᠴᠧᠩ ᠰᠢᠶᠠᠨ ᠤ ᠡᠪᠯᠡᠯ ᠤᠨ ᠬᠤᠷᠢᠶ᠎ᠠ᠄ ᠵᠠᠯᠠᠭᠤᠴᠤᠳ ᠤᠨ ᠬᠦᠴᠦᠨ ᠢ ᠨᠢᠭᠲᠠᠷᠠᠭᠤᠯᠵᠤ ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ
ᠨᠡᠶᠢᠲᠡᠯᠡᠭᠰᠡᠨ ᠴᠠᠭ᠄
2024/5/6
  2023 ᠣᠨ ᠠᠴᠠ ᠨᠠᠰᠢ᠂ ᠯᠢᠶᠠᠩᠴᠧᠩ ᠰᠢᠶᠠᠨ ᠤ ᠡᠪᠯᠡᠯ ᠤᠨ ᠬᠤᠷᠢᠶ᠎ᠠ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠠᠵᠢᠯ ᠤᠨ ᠭᠤᠣᠯ ᠰᠢᠵᠢᠮ ᠪᠣᠯᠭᠠᠵᠤ᠂ ᠵᠠᠯᠠᠭᠤᠴᠤᠳ ᠲᠠᠢ ᠬᠠᠷᠢᠯᠴᠠᠬᠤ᠂ ᠵᠠᠯᠠᠭᠤᠴᠤᠳ ᠲᠤ ᠦᠢᠯᠡᠴᠢᠯᠡᠬᠦ ᠶᠢ ᠠᠵᠢᠯ ᠤᠨ ᠭᠠᠷᠳᠠᠴᠠ ᠪᠣᠯᠭᠠᠵᠤ᠂ ᠵᠠᠯᠠᠭᠤᠴᠤᠳ ᠤᠨ ᠬᠦᠴᠦᠨ ᠢ ᠭᠦᠢᠴᠡᠳ ᠪᠠᠳᠠᠷᠠᠭᠤᠯᠵᠤ᠂ ᠵᠠᠯᠠᠭᠤ ᠨᠠᠰᠤᠨ ᠤ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠴᠠᠭ ᠦᠶ᠎ᠡ ᠶᠢ ᠬᠥᠰᠡᠷᠳᠡᠭᠦᠯᠬᠦ ᠦᠭᠡᠢ᠂ ᠡᠭᠦᠷᠭᠡ ᠬᠠᠷᠢᠭᠤᠴᠠᠯᠭ᠎ᠠ ᠪᠠᠨ ᠬᠥᠰᠡᠷᠳᠡᠭᠦᠯᠬᠦ ᠦᠭᠡᠢ ᠵᠠᠯᠠᠭᠤ ᠨᠠᠰᠤᠨ ᠤ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠪᠡ᠃     ᠯᠢᠶᠠᠩᠴᠧᠩ ᠰᠢᠶᠠᠨ ᠤ ᠡᠪᠯᠡᠯ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠢᠲᠡᠭᠡᠯ ᠪᠢᠰᠢᠷᠡᠯ ᠢᠶᠠᠨ ᠪᠠᠲᠤᠳᠬᠠᠬᠤ ᠶᠢ ᠪᠠᠷᠢᠮᠲᠠᠯᠠᠬᠤ ᠬᠡᠷᠡᠭᠲᠡᠢ᠃ ᠪᠥᠬᠦ ᠰᠢᠶᠠᠨ ᠤ ᠡᠪᠯᠡᠯ ᠤᠨ ᠭᠡᠰᠢᠭᠦᠨ ᠵᠠᠯᠠᠭᠤᠴᠤᠳ ᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ ︽ᠵᠠᠯᠠᠭᠤᠴᠤᠳ ᠤᠨ ᠶᠡᠭᠡ ᠰᠤᠷᠤᠯᠴᠠᠯᠭ᠎ᠠ︾᠎ ᠳᠤ ᠣᠷᠣᠯᠴᠠᠭᠤᠯᠵᠤ᠂ ᠨᠡᠶᠢᠲᠡ 4.5 ᠲᠦᠮᠡ ᠭᠠᠷᠤᠶ ᠬᠥᠮᠦᠨ ᠤᠳᠠᠭ᠎ᠠ ᠣᠷᠣᠯᠴᠠᠭᠤᠯᠪᠠ︔ ᠪᠥᠬᠦ ᠰᠢᠶᠠᠨ ᠤ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠢ ᠵᠣᠬᠢᠶᠠᠨ ᠪᠠᠶᠢᠭᠤᠯᠵᠤ ︽ᠤᠯᠠᠭᠠᠨ ᠪᠥᠴᠡᠲᠡᠨ ᠤ ᠰᠤᠷᠤᠯᠴᠠᠯᠭ᠎ᠠ︾᠎ ᠶᠢᠨ 33 ᠬᠤᠭᠤᠴᠠᠭᠠᠨ ᠳᠤ ᠣᠷᠣᠯᠴᠠᠭᠤᠯᠵᠤ᠂ ᠨᠡᠶᠢᠲᠡ 11.3 ᠲᠦᠮᠡ ᠭᠠᠷᠤᠶ ᠬᠥᠮᠦᠨ ᠤᠳᠠᠭ᠎ᠠ ᠣᠷᠣᠯᠴᠠᠪᠠ᠃ ︽ᠵᠠᠯᠠᠭᠤᠴᠤᠳ ᠤᠨ ᠯᠧᠺᠲ᠋ᠣᠷ ᠤᠨ ᠪᠦᠯᠬᠦᠮ ︾᠂ ︽ᠤᠯᠠᠭᠠᠨ ᠪᠥᠴᠡᠲᠡᠨ ᠤ ᠲᠣᠭᠤᠷᠢᠨ ᠲᠠᠶᠢᠯᠪᠤᠷᠢᠯᠠᠬᠤ ᠪᠦᠯᠬᠦᠮ︾ ᠵᠡᠷᠭᠡ ᠠᠵᠢᠯ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠦᠨᠳᠦᠰᠦᠨ ᠱᠠᠲᠤ᠂ ᠵᠠᠯᠠᠭᠤᠴᠤᠳ ᠪᠠᠭᠠᠴᠤᠳ ᠲᠤ ᠲᠣᠰ ᠲᠣᠰ ᠤᠨ ᠣᠨᠴᠠᠯᠢᠭ ᠲᠠᠢ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ 20 ᠲᠠᠯᠠᠪᠤᠷ ︵ᠤᠳᠠᠭ᠎ᠠ︶ ᠥᠷᠨᠢᠭᠦᠯᠪᠡ᠃ ᠡᠭᠦᠨ ᠤ ᠬᠠᠮᠲᠤ᠂ ᠮᠠᠨ ᠤ ᠰᠢᠶᠠᠨ ᠤ ᠰᠦᠢ ᠮᠧᠩ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ᠂ ᠾᠧ ᠯᠦᠩ ᠤᠨ ᠳᠤᠷᠠᠰᠬᠠᠯ ᠤᠨ ᠣᠷᠳᠣᠨ ᠵᠡᠷᠭᠡ ᠬᠤᠪᠢᠰᠬᠠᠯ ᠤᠨ ᠬᠥᠮᠦᠵᠢᠯ ᠤᠨ ᠡᠬᠢ ᠪᠠᠶᠠᠯᠢᠭ ᠲᠤ ᠲᠦᠰᠢᠭᠯᠡᠨ᠂ ᠪᠥᠬᠦ ᠰᠢᠶᠠᠨ ᠤ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠳᠤᠮᠳᠠ ︽ᠬᠤᠷᠢᠳᠤᠭᠠᠷ ᠶᠡᠭᠡ ᠬᠤᠷᠠᠯ ᠢ ᠰᠤᠷᠤᠯᠴᠠᠵᠤ᠂ ᠡᠭᠦᠷᠢᠳᠡ ᠨᠠᠮ ᠢᠶᠠᠨ ᠳᠠᠭᠠᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ︾ ᠤᠯᠠᠭᠠᠨ ᠪᠥᠴᠡᠲᠡᠨ ᠤ ᠲᠠᠶᠢᠯᠪᠤᠷᠢᠯᠠᠭᠴᠢ ᠶᠢᠨ ᠤᠷᠤᠯᠳᠤᠭᠠᠨ ᠢ ᠥᠷᠨᠢᠭᠦᠯᠪᠡ︔ ᠰᠢᠨ᠎ᠡ ᠪᠠᠷ ᠡᠪᠯᠡᠯ ᠳᠤ ᠣᠷᠣᠬᠤ 117 ᠡᠪᠯᠡᠯ ᠤᠨ ᠭᠡᠰᠢᠭᠦᠳ ᠲᠤ ᠡᠪᠯᠡᠯ ᠳᠤ ᠣᠷᠣᠬᠤ ᠶᠣᠰᠣᠯᠠᠯ ᠶᠠᠪᠤᠭᠤᠯᠪᠠ︔ ︽ᠪᠢᠴᠢᠬᠠᠨ ᠮᠣᠩᠭᠤᠯ ᠮᠣᠷᠢᠨ ᠤ ᠲᠠᠮᠠᠭ᠎ᠠ︾᠂ ︽ᠪᠢᠴᠢᠬᠠᠨ ᠠᠨᠠᠷ ᠤᠨ ᠦᠷ᠎ᠡ ᠶᠢᠨ ᠲᠡᠮᠳᠡᠭ︾ ᠵᠡᠷᠭᠡ ᠲᠠᠮᠠᠭ᠎ᠠ ᠪᠤᠯᠢᠶᠠᠯᠳᠤᠬᠤ ᠠᠵᠢᠯᠯᠠᠭ᠎ᠠ ᠥᠷᠨᠢᠭᠦᠯᠪᠡ︔ ᠪᠦᠬᠦ ᠰᠢᠶᠠᠨ ᠤ ᠡᠯ᠎ᠡ ᠰᠤᠷᠭᠠᠭᠤᠯᠢ ᠶᠢ ᠵᠣᠬᠢᠶᠠᠨ ᠪᠠᠶᠢᠭᠤᠯᠵᠤ ᠠᠨᠱᠠᠨ᠂ ᠦᠢᠯᠡᠳᠪᠦᠷᠢ ᠶᠢᠨ ᠬᠢᠲᠠᠳ ᠬᠤᠸᠠᠷᠠᠨ ᠤ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠭᠠᠵᠠᠷ ᠲᠤ ᠨᠡᠶᠢᠲᠡ 15 ᠤᠳᠠᠭ᠎ᠠ 3345 ᠬᠥᠮᠦᠨ ︵ᠤᠳᠠᠭ᠎ᠠ︶᠎ ᠶᠢ ᠵᠣᠬᠢᠶᠠᠨ ᠪᠠᠶᠢᠭᠤᠯᠵᠤ᠂ ᠡᠯ᠎ᠡ ᠵᠦᠢᠯ ᠤᠨ ᠦᠢᠯᠡᠳᠦᠯᠭᠡ ᠶᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠭᠤᠣᠯ ᠰᠡᠳᠦᠪᠲᠦ ᠬᠥᠮᠦᠵᠢᠯ ᠤᠨ ᠳᠤᠮᠳᠠ ᠵᠠᠯᠠᠭᠤᠴᠤᠳ ᠢ ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠤᠯᠤᠰ ᠲᠦᠷᠦ ᠶᠢᠨ ᠮᠡᠳᠡᠷᠡᠮᠵᠢ᠂ ᠦᠵᠡᠯ ᠰᠠᠨᠠᠭᠠᠨ ᠤ ᠮᠡᠳᠡᠷᠡᠮᠵᠢ᠂ ᠤᠨᠤᠯ ᠤᠨ ᠮᠡᠳᠡᠷᠡᠮᠵᠢ ᠪᠠ ᠬᠠᠶᠢᠷ᠎ᠠ ᠰᠡᠳᠬᠢᠯᠭᠡ ᠶᠢᠨ ᠮᠡᠳᠡᠷᠡᠮᠵᠢ ᠶᠢ ᠲᠠᠰᠤᠷᠠᠯᠲᠠ ᠦᠭᠡᠢ ᠴᠢᠩᠭᠠᠳᠬᠠᠪᠠ᠃    ᠯᠢᠶᠠᠩᠴᠧᠩ ᠰᠢᠶᠠᠨ ᠤ ᠡᠪᠯᠡᠯ ᠤᠨ ᠬᠤᠷᠢᠶ᠎ᠠ ᠰᠦᠯᠵᠢᠶᠡᠨ ᠤ ᠤᠬᠠᠭᠤᠯᠭ᠎ᠠ ᠶᠢᠨ ᠵᠢᠭᠰᠠᠭᠠᠯ ᠤᠨ ᠬᠥᠲᠥᠯᠥᠨ ᠳᠠᠭᠠᠭᠤᠯᠬᠤ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠣᠯᠠᠨ ᠨᠡᠶᠢᠲᠡ ᠶᠢᠨ ᠲᠠᠪᠴᠠᠩ ᠳᠤ ︽ᠵᠠᠯᠠᠭᠤᠴᠤᠳ ᠤᠨ ᠣᠳᠣᠨ︾ ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠰᠠᠶᠢᠨ ᠳᠤᠷ᠎ᠠ ᠶᠢᠨ ᠤᠶᠢᠯᠡᠴᠢᠯᠡᠭᠡ ︾᠎ ᠶᠢᠨ ᠰᠢᠷᠢᠰ ᠪᠤᠯᠤᠩ ᠢ ᠡᠭᠦᠳᠴᠦ᠂ ᠰᠢᠯᠢᠳᠡᠭ ᠵᠠᠯᠠᠭᠤᠴᠤᠳ ᠤᠨ ᠨᠡᠶᠢᠲᠡᠯᠢᠭ ᠵᠢᠱᠢᠶ᠎ᠡ ᠶᠢ ᠶᠡᠭᠡ ᠪᠠᠷ ᠰᠣᠩᠭᠤᠨ ᠭᠠᠷᠭᠠᠵᠤ᠂ ᠣᠲᠣ ᠪᠣᠯᠲᠠᠯ᠎ᠠ ᠨᠢᠭᠡᠨᠲᠡ ︽ᠵᠠᠯᠠᠭᠤᠴᠤᠳ ᠤᠨ ᠣᠳᠣᠨ︾᠎ ᠢ 34 ᠰᠣᠩᠭᠤᠨ ᠭᠠᠷᠭᠠᠪᠠ᠃    ᠡᠪᠯᠡᠯ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠶᠢᠨ ᠠᠵᠢᠯ ᠤᠨ ᠲᠠᠯ᠎ᠠ ᠪᠠᠷ᠂ ᠯᠢᠶᠠᠩᠴᠧᠩ ᠰᠢᠶᠠᠨ ᠤ ᠡᠪᠯᠡᠯ ᠤᠨ ᠬᠤᠷᠢᠶ᠎ᠠ ︽ᠵᠠᠯᠠᠭᠤᠴᠤᠳ ᠤᠮᠠᠷᠠᠲᠤ ᠬᠢᠯᠢ ᠶᠢ ᠰᠠᠬᠢᠨ ᠪᠡᠷᠡᠯᠡᠵᠦ᠂ ᠨᠣᠭᠤᠭᠠᠨ ᠬᠠᠯᠬᠠᠪᠴᠢ ᠶᠢ ᠪᠠᠶᠢᠭᠤᠯᠬᠤ︾ ᠵᠠᠯᠠᠭᠤᠴᠤᠳ ᠪᠠᠭᠠᠴᠤᠳ ᠤᠨ ᠠᠮᠢ ᠠᠬᠤᠢ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠵᠠᠯᠠᠭᠤ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠶᠢᠭᠤᠯᠤᠨ ᠳᠠᠭᠠᠭᠠᠴᠢᠯᠠᠨ ᠬᠤᠯᠪᠣᠭᠠᠯᠠᠭᠰᠠᠨ ᠲᠣᠰᠬᠤᠨ ᠵᠢᠴᠢ ᠳᠠᠭ᠎ᠠ ᠶᠢᠨ ᠨᠠᠭᠤᠷ ᠤᠨ ᠰᠠᠪᠠ ᠭᠠᠵᠠᠷ ᠤᠨ ᠡᠷᠬᠢᠨ ᠲᠣᠭᠤᠷᠢᠨ ᠤ ᠠᠶᠢᠯ ᠲᠣᠰᠬᠤᠨ ᠳᠤ ᠬᠤᠭ ᠨᠣᠪᠰᠢ ᠶᠢ ᠴᠡᠪᠡᠷᠯᠡᠬᠦ ᠵᠡᠷᠭᠡ ᠠᠵᠢᠯᠯᠠᠭ᠎ᠠ ᠶᠢ 3 ᠲᠠᠯᠠᠪᠤᠷ ︵ᠤᠳᠠᠭ᠎ᠠ︶ ᠥᠷᠨᠢᠭᠦᠯᠵᠦ᠂ ᠤᠬᠠᠭᠤᠯᠭ᠎ᠠ ᠶᠢᠨ ᠮᠠᠲ᠋ᠧᠷᠢᠶᠠᠯ ᠢ 1000 ᠭᠠᠷᠤᠢ ᠬᠤᠪᠢ ᠲᠠᠷᠬᠠᠭᠠᠪᠠ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠡᠳᠦᠪᠲᠦ ᠠᠵᠢᠯᠯᠠᠭ᠎ᠠ ᠶᠢ 12 ᠲᠠᠯᠠᠪᠤᠷ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠡᠪᠯᠡᠯ ᠤᠨ ᠭᠡᠰᠢᠭᠦᠨ ᠵᠠᠯᠠᠭᠤᠴᠤᠳ ᠢ 1000 ᠭᠠᠷᠤᠢ ᠬᠥᠮᠦᠨ ᠤᠳᠠᠭ᠎ᠠ ᠬᠠᠮᠤᠷᠴᠤ᠂ ᠤᠬᠠᠭᠤᠯᠭ᠎ᠠ ᠶᠢᠨ ᠮᠠᠲ᠋ᠧᠷᠢᠶᠠᠯ ᠢ 2000 ᠭᠠᠷᠤᠢ ᠬᠤᠪᠢ ᠲᠠᠷᠬᠠᠭᠠᠪᠠ︔ ᠴᠢᠬᠤᠯᠠ ᠶᠡᠭᠡ ᠪᠠᠶᠠᠷ ᠤᠨ ᠡᠳᠦᠷ ᠢᠶᠠᠷ ᠠᠵᠠ ᠲᠣᠬᠢᠶᠠᠯ ᠪᠣᠯᠭᠠᠵᠤ᠂ ᠮᠠᠨ ᠤ ᠰᠢᠶᠠᠨ ᠤ ᠡᠯᠪᠡᠭ ᠪᠠᠶᠠᠯᠢᠭ ᠬᠤᠪᠢᠰᠬᠠᠯ ᠤᠨ ᠬᠥᠮᠦᠵᠢᠯ ᠤᠨ ᠡᠬᠢ ᠪᠠᠶᠠᠯᠢᠭ ᠲᠤ ᠲᠦᠰᠢᠭᠯᠡᠨ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢ ᠵᠣᠬᠢᠶᠠᠨ ᠪᠠᠶᠢᠭᠤᠯᠵᠤ ᠰᠤᠳᠤᠯᠤᠨ ᠰᠤᠷᠤᠯᠴᠠᠬᠤ ᠠᠵᠢᠯᠯᠠᠭ᠎ᠠ ᠶᠢ 11 ᠲᠠᠯᠠᠪᠤᠷ ᠤᠳᠠᠭ᠎ᠠ 2356 ᠬᠥᠮᠦᠨ ︵ᠤᠳᠠᠭ᠎ᠠ︶ ᠥᠷᠨᠢᠭᠦᠯᠪᠡ︔ ᠵᠣᠨ ᠤ ᠠᠮᠠᠷᠠᠯᠲᠠ ᠶᠢᠨ ᠬᠤᠭᠤᠴᠠᠭᠠᠨ ᠳᠤ ᠵᠣᠨ ᠤ ᠬᠤᠸᠠᠷᠠᠨ ᠤ 3 ᠲᠠᠯᠠᠪᠤᠷ ᠤᠳᠠᠭ᠎ᠠ 80 ᠭᠠᠷᠤᠢ ᠬᠥᠮᠦᠨ ᠢ ᠵᠣᠬᠢᠶᠠᠨ ᠪᠠᠶᠢᠭᠤᠯᠵᠤ ᠥᠷᠨᠢᠭᠦᠯᠪᠡ᠃    ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠠᠵᠢᠯ ᠤᠨ ᠪᠡᠯᠡᠳᠬᠡᠯ ᠵᠢᠴᠢ ᠵᠢᠩᠬᠢᠨᠢ ᠤᠷᠤᠯᠳᠤᠭᠠᠨ ᠡᠬᠢᠯᠡᠬᠦ ᠬᠤᠭᠤᠴᠠᠭᠠᠨ ᠳᠤ᠂ ᠯᠢᠶᠠᠩᠴᠧᠩ ᠰᠢᠶᠠᠨ ᠤ ᠡᠪᠯᠡᠯ ᠤᠨ ᠬᠤᠷᠢᠶ᠎ᠠ  ᠤᠶᠢᠯᠡᠴᠢᠯᠡᠭᠡᠨ ᠤ ᠠᠭᠤᠯᠭ᠎ᠠ ᠪᠠᠨ ᠭᠦᠨᠵᠡᠭᠡᠶᠢᠷᠡᠭᠦᠯᠵᠦ᠂ ᠵᠠᠯᠠᠭᠤ ᠨᠠᠰᠤᠨ ᠤ ᠴᠤᠭ ᠵᠢᠪᠬᠤᠭ᠎ᠠ ᠲᠡᠭᠦᠯᠳᠡᠷ ᠰᠠᠶᠢᠨ ᠳᠤᠷ᠎ᠠ ᠶᠢᠨ ᠤᠶᠢᠯᠡᠴᠢᠯᠡᠭᠡᠨ ᠤ ᠡᠩᠨᠡᠭᠡ ᠶᠢ ᠪᠠᠶᠢᠭᠤᠯᠪᠠ᠃ 2 ᠡᠭᠡᠯᠵᠢ ᠶᠢᠨ ᠰᠦᠯᠵᠢᠶᠡᠨ ᠭᠠᠳᠠᠨᠠᠬᠢ ᠨᠢᠭᠤᠷᠲᠠᠨ ᠰᠢᠯᠭᠠᠬᠤ ᠰᠢᠯᠢᠨ ᠰᠣᠩᠭᠤᠯᠲᠠ ᠪᠠᠷ ᠳᠡᠮᠵᠢᠨ ᠨᠡᠶᠢᠲᠡ 150 ᠰᠠᠶᠢᠨ ᠳᠤᠷ᠎ᠠ ᠶᠢᠨ ᠦᠢᠯᠡᠴᠢᠯᠡᠭᠴᠢ ᠡᠯᠰᠡᠵᠦ᠂ ᠬᠢᠷᠢ ᠬᠡᠮ ᠤᠨ ᠤᠷᠤᠯᠳᠤᠭᠠᠨ ᠤ ᠬᠤᠭᠤᠴᠠᠭᠠᠨ ᠳᠤ 55 ᠰᠠᠶᠢᠨ ᠳᠤᠷ᠎ᠠ ᠶᠢᠨ ᠦᠢᠯᠡᠴᠢᠯᠡᠭᠴᠢ 20 ᠡᠳᠦᠷ ᠤᠨ ᠬᠤᠭᠤᠴᠠᠭ᠎ᠠ ᠲᠠᠢ ᠰᠠᠶᠢᠨ ᠳᠤᠷ᠎ᠠ ᠶᠢᠨ  ᠤᠶᠢᠯᠡᠴᠢᠯᠡᠭᠡ ᠥᠷᠨᠢᠭᠦᠯᠵᠦ᠂ ᠤᠷᠤᠯᠳᠤᠭᠠᠨ ᠤ ᠬᠤᠭᠤᠴᠠᠭᠠᠨ ᠳᠤ 150 ᠰᠠᠶᠢᠨ ᠳᠤᠷ᠎ᠠ ᠶᠢᠨ ᠦᠢᠯᠡᠴᠢᠯᠡᠭᠴᠢ ᠪᠦᠬᠦᠨ ᠢᠶᠠᠷ ᠢᠶᠠᠨ ᠠᠵᠢᠯ ᠤᠨ ᠪᠠᠶᠢᠷᠢ ᠳᠤ ᠭᠠᠷᠴᠤ᠂ ᠤᠶᠢᠯᠡᠴᠢᠯᠡᠭᠡᠨ ᠤ ᠳᠤᠮᠳᠠᠴᠢ ᠴᠠᠭ ᠨᠢ 16 ᠡᠳᠦᠷ᠂ ᠤᠶᠢᠯᠡᠴᠢᠯᠡᠭᠡᠨ ᠤ ᠴᠠᠭ ᠨᠢ ᠨᠡᠶᠢᠲᠡ 39861 ᠴᠠᠭ ᠤᠷᠲᠤ ᠪᠠᠶᠢᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠤᠷᠤᠯᠳᠤᠭᠠᠨ ᠤ ᠪᠠᠲᠤᠯᠠᠭ᠎ᠠ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠪᠥᠭᠡᠳ ᠶᠡᠭᠡ ᠬᠡᠮᠵᠢᠶᠡᠨ ᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ᠃    ᠯᠢᠶᠠᠩᠴᠧᠩ ᠰᠢᠶᠠᠨ ᠤ ᠡᠪᠯᠡᠯ ᠤᠨ ᠬᠤᠷᠢᠶ᠎ᠠ ᠪᠠᠰᠠ ᠵᠠᠯᠠᠭᠤᠴᠤᠳ ᠤᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽2023 ᠣᠨ ᠤ ᠵᠠᠯᠠᠭᠤᠴᠤᠳ ᠪᠠᠭᠠᠴᠤᠳ ᠤᠨ ᠥᠪᠡᠷ ᠢ ᠪᠠᠨ ᠬᠠᠮᠠᠭᠠᠯᠠᠬᠤ ᠬᠥᠮᠦᠵᠢᠯ ᠤᠨ ᠠᠵᠢᠯᠯᠠᠭ᠎ᠠ︾᠎ ᠶᠢ ᠴᠠᠭ ᠲᠤᠬᠠᠢ ᠳᠤᠨᠢ ᠥᠷᠨᠢᠭᠦᠯᠵᠦ᠂ 2023 ᠣᠨ ᠳᠤ ᠨᠡᠶᠢᠲᠡ 1000 ᠭᠠᠷᠤᠢ ᠰᠤᠷᠤᠭᠴᠢ ᠶᠢ ᠲᠤᠰᠪᠠ᠃                                              ᠨᠠᠶᠢᠷᠠᠭᠤᠯᠤᠭᠴᠢ᠄  ᠯᠢ ᠬᠤᠩ ᠢᠦᠢ                                                ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2