ᠸᠧᠶ ᠼᠦᠨ ᠾᠧ᠄ ᠬᠢᠴᠢᠶᠡᠯ ᠤᠨ ᠲᠠᠩᠬᠢᠮ ᠤᠨ ᠦᠢᠯᠡᠳᠦᠯᠭᠡ ᠶᠢ ᠭᠦᠨᠵᠡᠭᠡᠶ ᠰᠤᠳᠤᠯᠬᠤ ᠪᠠᠷ ᠰᠤᠷᠭᠠᠨ ᠬᠥᠮᠦᠵᠢᠯ ᠤᠨ ᠳᠡᠭᠡᠭᠰᠢᠯᠡᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/5/6
    ᠪᠤᠶᠢᠳᠠ ᠪᠦᠭᠯᠡᠭᠦᠦ ᠬᠥᠳᠡᠭᠡ ᠲᠣᠰᠬᠤᠨ ᠤ ᠨᠢᠭᠡᠳᠦᠭᠡᠷ ᠹᠷᠣᠨᠲ ᠤᠨ ᠪᠠᠭᠰᠢ ᠠᠴᠠ ᠰᠢᠶᠠᠨ ᠤ ᠰᠤᠳᠤᠯᠤᠨ ᠰᠤᠷᠤᠯᠴᠠᠬᠤ ᠲᠥᠪ ᠤᠨ ᠵᠢᠭᠠᠨ ᠰᠤᠳᠤᠯᠤᠭᠴᠢ ᠬᠦᠷᠲᠡᠯ᠎ᠡ᠂ ᠲᠡᠷᠡ ᠭᠤᠴᠢᠨ ᠵᠢᠯ ᠢ ᠨᠢᠭᠡ ᠡᠳᠦᠷ ᠮᠡᠲᠦ ᠪᠠᠷ ᠰᠤᠷᠭᠠᠨ ᠬᠥᠮᠦᠵᠢᠯ ᠤᠨ ᠦᠢᠯᠡᠰ ᠤᠨ ᠠᠵᠢᠯ ᠤᠨ ᠪᠠᠶᠢᠷᠢ ᠳᠡᠭᠡᠷ᠎ᠡ ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠥᠮᠥᠰ ᠤᠨ ᠪᠠᠭᠰᠢ ᠶᠢᠨ ᠬᠦᠰᠦᠨᠦᠭᠲᠦ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠣᠯᠬᠤ ᠬᠠᠷᠢᠭᠤᠴᠠᠯᠭ᠎ᠠ ᠪᠠ ᠡᠭᠦᠷᠭᠡᠯᠡᠯ ᠢ ᠨᠠᠷᠢᠨ ᠬᠢᠨᠠᠮᠠᠭᠠᠢ ᠲᠠᠶᠢᠯᠪᠤᠷᠢᠯᠠᠵᠠᠢ᠃ ᠲᠡᠷᠡ ᠪᠣᠯ ᠳᠠᠷᠤᠶ ᠯᠢᠶᠠᠩᠴᠧᠩ ᠰᠢᠶᠠᠨ ᠤ ᠰᠤᠷᠭᠠᠨ ᠬᠥᠮᠦᠵᠢᠯ ᠤᠨ ᠰᠤᠳᠤᠯᠤᠨ ᠰᠤᠷᠤᠯᠴᠠᠬᠤ ᠲᠥᠪ ᠤᠨ ᠳᠡᠳ᠋ ᠡᠷᠬᠢᠯᠡᠭᠴᠢ ᠸᠧᠶ ᠼᠦᠨ ᠾᠧ ᠪᠣᠯᠤᠨ᠎ᠠ᠃
    ᠸᠧᠶ ᠼᠦᠨ ᠾᠧ ᠶᠢ ᠣᠯᠵᠤ ᠦᠵᠡᠭᠡᠳ ᠲᠡᠷᠡ ᠶᠠᠭ ᠯᠢᠶᠠᠩᠴᠧᠩ ᠤᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠬᠢᠨ ᠵᠠᠯᠠᠭᠤ ᠪᠠᠭᠰᠢ ᠶᠢᠨ ᠲᠤᠬᠠᠶ ᠶᠢᠨ ᠲᠠᠯᠠᠪᠤᠷ ᠲᠤ ᠬᠢᠴᠢᠶᠡᠯ ᠣᠷᠣᠵᠤ᠂ ᠬᠢᠴᠢᠶᠡᠯ ᠰᠢᠯᠭᠠᠷᠠᠭᠤᠯᠬᠤ᠂ ᠬᠢᠴᠢᠶᠡᠯ ᠵᠥᠪᠯᠡᠬᠦ᠂ ᠰᠤᠳᠤᠯᠬᠤ ᠬᠢᠴᠢᠶᠡᠯ ᠢ ᠨᠠᠷᠢᠨ ᠬᠢᠨᠠᠮᠠᠭᠠᠶ ᠰᠣᠨᠣᠰᠴᠤ᠂ ᠡᠶᠢᠮᠦᠷᠬᠦ ᠠᠵᠢᠯ ᠢ ᠰᠤᠷᠤᠯᠭ᠎ᠠ ᠶᠢᠨ ᠬᠤᠭᠤᠴᠠᠭ᠎ᠠ ᠪᠦᠷᠢ 50 ᠬᠢᠴᠢᠶᠡᠯ ᠤᠨ ᠴᠠᠭ ᠠᠴᠠ ᠳᠡᠭᠡᠭᠰᠢ ᠪᠡᠶᠡᠯᠡᠭᠦᠯᠦᠨ᠎ᠡ᠃ ᠡᠷᠳᠡᠮ ᠰᠢᠨᠵᠢᠯᠡᠭᠡᠨ ᠤ ᠥᠭᠦᠯᠡᠯ ᠪᠢᠴᠢᠵᠦ᠂ ᠪᠠᠭᠰᠢ ᠨᠠᠷ ᠢ ᠬᠥᠲᠥᠯᠥᠨ ᠵᠢᠯᠣᠭᠤᠳᠴᠤ ᠪᠠᠶᠢᠭᠠᠳ ᠵᠢᠭᠠᠨ ᠰᠤᠷᠭᠠᠯᠲᠠ ᠶᠢᠨ ᠠᠷᠭ᠎ᠠ ᠪᠣᠳᠣᠯᠭ᠎ᠠ ᠶᠢ ᠰᠠᠶᠢᠵᠢᠷᠠᠭᠤᠯᠵᠤ᠂ ᠬᠢᠴᠢᠶᠡᠯ ᠤᠨ ᠲᠠᠩᠬᠢᠮ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠮᠠᠨ ᠤ ᠰᠢᠶᠠᠨ ᠤ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠳᠡᠭᠡᠭᠰᠢᠯᠡᠯᠲᠡ ᠶᠢ ᠠᠬᠢᠭᠤᠯᠬᠤ ᠪᠣᠯ ᠸᠧᠢ ᠼᠦᠨ ᠪᠠ ᠡᠳᠦᠷ ᠪᠦᠷᠢ ᠰᠤᠳᠤᠯᠬᠤ ᠠᠵᠢᠯ ᠪᠣᠯᠤᠨ᠎ᠠ᠃    1991 ᠤᠨ ᠳᠤ ᠤᠤᠯ ᠤᠨ ︽ᠤᠯᠠᠭᠠᠨᠴᠠᠪ ᠠᠶᠢᠮᠠᠭ ᠤᠨ ᠳᠧᠯᠸᠢᠰ ᠶᠡᠭᠡ ᠰᠤᠷᠭᠠᠭᠤᠯᠢ︾᠎ ᠶᠢᠨ ᠪᠠᠭᠰᠢ ᠶᠢᠨ ᠠᠩᠬᠢ ᠠᠴᠠ ᠳᠡᠭᠦᠰᠦᠭᠰᠡᠨ ᠸᠧᠢ ᠼᠦᠨ ᠪᠤᠯᠤᠨ ᠨᠦᠬᠦᠴᠡᠯ ᠬᠠᠳᠠᠭᠤ ᠪᠡᠷᠭᠡ ᠬᠠᠳᠠᠭᠤᠵᠢᠯᠳᠠᠢ ᠤᠤᠯ ᠤᠨ ᠯᠢᠶᠠᠩᠴᠧᠩ ᠰᠢᠶᠠᠨ ᠤ ᠱᠤᠸᠠᠩ ᠭᠦ᠋ ᠴᠧᠩ ᠬᠦᠳᠡᠭᠡ ᠶᠢᠨ ᠳᠤᠮᠳᠠᠳᠤ ᠰᠤᠷᠭᠠᠭᠤᠯᠢ ᠳᠤ ᠪᠠᠭᠰᠢᠯᠠᠵᠤ᠂ ᠠᠩᠬ᠎ᠠ ᠵᠡᠷᠬᠡ ᠶᠢᠨ ᠳᠤᠮᠳᠠᠳᠤ ᠰᠤᠷᠭᠠᠭᠤᠯᠢ ᠶᠢᠨ ᠬᠡᠯᠡ ᠪᠢᠴᠢᠭ ᠤᠨ ᠵᠢᠭᠠᠨ ᠰᠤᠷᠭᠠᠯᠳᠠ ᠶᠢᠨ ᠠᠩᠬᠢ ᠡᠷᠬᠢᠯᠡᠭᠴᠢ ᠶᠢᠨ ᠠᠵᠢᠯ ᠢ ᠳᠠᠭᠠᠭᠠᠴᠢᠯᠠᠨ ᠡᠷᠬᠢᠯᠡᠪᠡ᠃ ᠲᠤᠬᠠᠶ ᠶᠢᠨ ᠦᠶ᠎ᠡ ᠳᠤ᠂ ᠲᠡᠷᠡ ᠬᠥᠳᠡᠭᠡ ᠲᠣᠰᠬᠤᠨ ᠤ ᠬᠡᠤᠬᠡᠳ ᠤᠨ ᠦᠰᠦᠨ ᠪᠤᠶᠢᠵᠢᠬᠤ ᠣᠷᠴᠢᠨ ᠲᠣᠭᠤᠷᠢᠨ᠂ ᠥᠩᠭᠡᠷᠡᠯᠲᠡ᠂ ᠮᠡᠳᠡᠯᠭᠡ ᠮᠡᠳᠡᠯᠭᠡ ᠪᠠ ᠣᠨᠴᠠᠯᠢᠭ ᠲᠤ ᠴᠢᠭᠯᠡᠭᠦᠯᠦᠨ᠂ ︽ᠬᠥᠮᠦᠨ ᠢ ᠬᠥᠮᠦᠵᠢᠭᠦᠯᠬᠦ︾ ᠪᠠ ︽ᠪᠢᠴᠢᠭ ᠵᠢᠭᠠᠬᠤ︾᠎ ᠶᠢ ᠣᠷᠭᠠᠨᠢᠭ ᠢᠶᠠᠷ ᠠᠭᠤᠰᠤᠯᠴᠠᠭᠤᠯᠵᠤ᠂ ᠰᠤᠷᠤᠭᠴᠢᠳ ᠤᠨ ᠰᠠᠶᠢᠨ ᠰᠠᠶᠢᠬᠠᠨ ᠵᠠᠩ ᠰᠤᠷᠲᠠᠯ ᠢ ᠤᠷᠢᠳᠠᠪᠠᠷ ᠬᠥᠮᠦᠵᠢᠭᠦᠯᠬᠦ ᠶᠢᠨ ᠬᠠᠮᠲᠤ ᠵᠢᠭᠠᠬᠤ ᠮᠠᠲ᠋ᠧᠷᠢᠶᠠᠯ ᠬᠢᠭᠡᠳ ᠰᠤᠷᠤᠭᠴᠢᠳ ᠤᠨ ᠳᠤᠷ᠎ᠠ ᠰᠣᠨᠢᠷᠬᠠᠯ ᠤᠨ ᠬᠤᠭᠤᠷᠣᠨᠳᠣᠬᠢ ᠨᠡᠶᠢᠯᠡᠯ ᠴᠡᠭ ᠢ ᠨᠠᠷᠢᠨ ᠨᠢᠮᠪᠠᠶ ᠡᠷᠢᠵᠦ᠂ ᠰᠤᠷᠤᠭᠴᠢᠳ ᠤᠨ ᠰᠤᠷᠤᠯᠴᠠᠬᠤ ᠳᠤᠷ᠎ᠠ ᠰᠣᠨᠢᠷᠬᠠᠯ ᠢ ᠬᠥᠮᠦᠵᠢᠭᠦᠯᠦᠨ᠂ ᠰᠤᠷᠤᠭᠴᠢᠳ ᠤᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠬᠥᠭᠵᠢᠭᠡᠵᠦ᠂ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠪᠠ᠃ ᠲᠡᠭᠦᠨ ᠤ ᠥᠪᠡᠷᠮᠢᠴᠡ ᠵᠢᠭᠠᠨ ᠰᠤᠷᠭᠠᠯᠲᠠ ᠶᠢᠨ ᠤᠷᠠᠯᠢᠭ ᠣᠯᠠᠨ ᠤ ᠬᠦᠷᠢᠶᠡᠯᠡᠯ ᠢ ᠣᠯᠵᠠᠢ᠃ ᠠᠷᠪᠠᠭᠠᠳ ᠵᠢᠯ ᠤᠨ ᠲᠤᠷᠰᠢ ᠲᠡᠷᠡ ᠣᠯᠠᠨ ᠤᠳᠠᠭ᠎ᠠ ᠱᠢᠨᠢ ᠬᠤᠲᠠ ᠶᠢᠨ ᠵᠡᠷᠭᠡᠯᠡᠯ ᠤᠨ ᠰᠢᠯᠢᠳᠡᠭ ᠪᠠᠭᠰᠢ ᠪᠠᠷ ᠦᠨᠡᠯᠡᠭᠰᠡᠨ᠃ 2009 ᠣᠨ ᠤ 3 ᠰᠠᠷ᠎ᠠ ᠳᠤ ᠸᠧᠢ ᠼᠦᠨ ᠾᠧ ᠯᠢᠶᠠᠩᠴᠧᠩ ᠰᠢᠶᠠᠨ ᠤ ᠵᠢᠭᠠᠬᠤ ᠶᠢ ᠰᠤᠳᠤᠯᠬᠤ ᠲᠠᠰᠤᠭ ᠤᠨ ᠵᠢᠭᠠᠬᠤ ᠶᠢ ᠰᠤᠳᠤᠯᠬᠤ ᠠᠵᠢᠯᠳᠠᠨ ᠢᠶᠠᠷ ᠰᠢᠯᠵᠢᠵᠦ᠂ ᠵᠢᠭᠠᠬᠤ ᠶᠢ ᠰᠤᠳᠤᠯᠬᠤ ᠵᠢᠭᠠᠬᠤ ᠶᠢ ᠦᠭᠡᠷᠡᠴᠢᠯᠡᠬᠦ ᠠᠵᠢᠯ ᠢ ᠬᠠᠷᠢᠭᠤᠴᠠᠭᠤᠯᠪᠠ᠃    ᠲᠡᠭᠦᠨ ᠤ ᠬᠠᠮᠲᠤ ᠠᠵᠢᠯᠲᠠᠨ ᠶᠠᠨ ᠫᠢᠩ ᠸᠠᠩ᠄ ᠸᠧᠶ ᠪᠠᠭᠰᠢ ᠪᠣᠯ ᠮᠠᠨ ᠤ ᠳᠤᠮᠳᠠᠳᠤ ᠰᠤᠷᠭᠠᠭᠤᠯᠢ ᠶᠢᠨ ᠬᠡᠯᠡ ᠪᠢᠴᠢᠭ ᠤᠨ ᠪᠠᠭᠰᠢ ᠮᠥᠨ᠂ ᠲᠡᠷᠡ ᠨᠢᠭᠡ ᠰᠡᠳᠬᠢᠯ ᠢᠶᠠᠷ ᠰᠤᠷᠭᠠᠨ ᠬᠥᠮᠦᠵᠢᠯ ᠤᠨ ᠦᠶ᠋ᠯᠡᠰ ᠵᠦᠭ ᠤᠷᠤᠭᠰᠢᠯᠠᠵᠤ᠂ ᠯᠠᠪᠳᠠᠭᠤᠨ ᠪᠠᠲᠤᠲᠠᠶ᠂ ᠠᠵᠢᠯᠴᠢ ᠬᠢᠴᠢᠶᠡᠩᠭᠦᠶ ᠪᠠᠷ ᠠᠵᠢᠯᠯᠠᠵᠤ᠂ ᠠᠴᠢ ᠬᠠᠷᠢᠭᠤᠯᠬᠤ ᠶᠢ ᠬᠥᠭᠡᠭᠡᠴᠡᠯᠳᠦᠬᠦ ᠥᠬᠡᠶ ᠪᠠᠶᠢᠵᠤ᠂ ᠰᠤᠷᠤᠭᠴᠢᠳ ᠢ ᠨᠠᠩ ᠴᠤ ᠴᠢᠩᠭ᠎ᠠ ᠱᠠᠭᠠᠷᠳᠠᠵᠤ᠂ ᠥᠴᠦᠬᠡᠨ ᠴᠦ ᠣᠰᠣᠯᠳᠠᠬᠤ ᠥᠬᠡᠶ ᠪᠠᠶᠢᠵᠤ᠂ ᠣᠳᠣ ᠶᠢᠨ ᠸᠧᠶ ᠪᠠᠭᠰᠢ ᠠᠵᠢᠯ ᠤᠨ ᠳᠤᠮᠳᠠ ᠪᠠᠨ ᠮᠥᠨ ᠯᠡ ᠠᠵᠢᠯᠴᠢ ᠬᠢᠴᠢᠶᠡᠩᠭᠦᠶ ᠪᠠᠷ ᠠᠵᠢᠯᠯᠠᠵᠤ᠂ ᠠᠵᠢᠯ ᠢᠶᠠᠷ ᠲᠡᠷᠢᠭᠦᠨ ᠳᠤ ᠲᠠᠯᠪᠢᠵᠤ᠂ ᠰᠤᠷᠭᠠᠨ ᠬᠥᠮᠦᠵᠢᠯ ᠤᠨ  ᠤᠶᠢᠯᠡᠰ ᠢ ᠵᠢᠯᠣᠭᠤᠳᠴᠤ᠂ ᠵᠢᠭᠠᠨ ᠰᠤᠷᠭᠠᠬᠤ ᠳᠤ ᠦᠢᠯᠡᠴᠢᠯᠡᠵᠦ᠂ ᠮᠠᠰᠢ ᠰᠠᠶᠢᠨ ᠬᠥᠲᠥᠯᠦᠨ ᠳᠠᠭᠠᠭᠤᠯᠬᠤ᠂ ᠵᠢᠱᠢᠶ᠎ᠡ ᠦᠵᠡᠭᠦᠯᠬᠦ ᠪᠠ ᠨᠥᠯᠥᠭᠡᠯᠡᠨ ᠳᠠᠶᠢᠴᠢᠯᠠᠬᠤ  ᠤᠶᠢᠯᠡᠳᠤᠯ ᠢ ᠪᠠᠳᠠᠷᠠᠭᠤᠯᠵᠤ᠂ ᠪᠥᠬᠦ ᠰᠢᠶᠠᠨ ᠤ ᠪᠠᠭᠰᠢ ᠶᠢᠨ ᠡᠩᠨᠡᠭᠡᠨ ᠤ ᠲᠤᠰᠬᠠᠶᠢᠵᠢᠭᠰᠠᠨ ᠬᠥᠭᠵᠢᠯᠲᠡ ᠶᠢ ᠳᠠᠶᠢᠴᠢᠯᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠵᠢᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠪᠠ᠃    ᠵᠢᠭᠠᠨ ᠰᠤᠷᠭᠠᠬᠤ ᠠᠵᠢᠯ ᠢ ᠨᠠᠩ ᠰᠠᠶᠢᠨ ᠵᠢᠯᠣᠭᠤᠳᠬᠤ ᠶᠢᠨ ᠲᠥᠯᠥᠭᠡ᠂ ᠸᠧᠶ ᠼᠦᠨ‌ᠾᠧ ᠪᠣᠯᠤᠨ ᠵᠢᠭᠠᠨ ᠰᠤᠳᠤᠯᠬᠤ ᠵᠢᠭᠠᠨ ᠰᠤᠷᠭᠠᠬᠤ ᠥᠭᠡᠷᠡᠴᠢᠯᠡᠯᠲᠡ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ︽ᠬᠢᠴᠢᠶᠡᠯ ᠢ ᠬᠥᠳᠡᠭᠡ ᠬᠦᠷᠭᠡᠬᠦ︾᠂ ︽ᠠᠳᠠᠯᠢ ᠬᠢᠴᠢᠶᠡᠯ ᠤᠨ ᠣᠨᠳᠣᠣ︾᠂ ︽ᠰᠠᠶᠢᠨ ᠬᠢᠴᠢᠶᠡᠯ ᠤᠨ ᠲᠠᠩᠬᠢᠮ︾᠎ ᠤᠨ ᠤᠷᠤᠯᠳᠤᠭᠠᠨ᠂ ︽ᠰᠤᠷᠤᠯᠭ᠎ᠠ ᠶᠢᠨ ᠱᠠᠲᠤ ᠶᠢ ᠵᠣᠯᠭᠠᠭᠤᠯᠬᠤ︾᠂ ︽ᠹᠢᠯᠢᠮ ᠤᠨ ᠵᠢᠭᠠᠨ ᠰᠤᠳᠤᠯᠬᠤ︾ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠭᠰᠢ ᠨᠠᠷ ᠲᠠᠢ ᠬᠠᠷᠢᠯᠴᠠᠨ ᠠᠵᠢᠯ ᠤᠨ ᠪᠠᠶᠢᠷᠢ ᠳᠤ ᠭᠠᠷᠴᠤ ᠬᠢᠴᠢᠶᠡᠯ ᠣᠷᠣᠵᠤ᠂ ᠲᠠᠶᠢᠯᠤᠮᠵᠢ ᠬᠢᠪᠠ᠃ ᠠᠰᠠᠭᠤᠳᠠᠯ ᠢ ᠨᠢᠭᠡᠳᠦᠭᠡᠷ ᠹᠷᠣᠨᠲ ᠲᠤ ᠢᠯᠡᠷᠡᠭᠦᠯᠵᠦ᠂ ᠠᠵᠢᠯ ᠢ ᠨᠢᠭᠡᠳᠦᠭᠡᠷ ᠹᠷᠣᠨᠲ ᠲᠤ ᠨᠠᠶᠢᠳᠠᠪᠤᠷᠢᠵᠢᠭᠤᠯᠵᠤ᠂ ᠶᠠᠰᠤ ᠴᠢᠨᠠᠷ ᠢ ᠨᠢᠭᠡᠳᠦᠭᠡᠷ ᠹᠷᠣᠨᠲ ᠲᠤ ᠳᠡᠭᠡᠭᠰᠢᠯᠡᠭᠦᠯᠪᠡ᠃ ᠲᠡᠭᠦᠨ ᠤ ᠡᠷᠬᠢᠯᠡᠭᠰᠡᠨ ᠨᠡᠷᠡᠳᠦ ᠪᠠᠭᠰᠢ ᠶᠢᠨ ᠠᠵᠢᠯᠯᠠᠬᠤ ᠲᠠᠰᠤᠭ ᠨᠢ ᠨᠢᠭᠡ ᠪᠦᠯᠦᠭ ᠬᠠᠷᠠᠮ ᠦᠭᠡᠢ ᠵᠣᠷᠢᠭᠤᠯᠬᠤ ᠳᠤᠷᠠᠲᠠᠢ ᠰᠢᠯᠢᠳᠡᠭ ᠵᠠᠯᠠᠭᠤ ᠪᠠᠭᠰᠢ ᠶᠢ ᠰᠢᠩᠭᠡᠭᠡᠨ ᠠᠪᠴᠤ᠂ ᠰᠦᠯᠵᠢᠶᠡᠨ ᠭᠠᠳᠠᠨ᠎ᠠ ᠥᠪᠡᠷ ᠢᠶᠠᠨ ᠰᠤᠷᠤᠯᠴᠠᠬᠤ᠂ ᠰᠦᠯᠵᠢᠶᠡᠨ ᠳᠡᠭᠡᠷ᠎ᠡ ᠰᠣᠯᠢᠯᠴᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠳᠡᠯᠭᠡᠨ ᠦᠵᠡᠭᠦᠯᠬᠦ᠂ ᠨᠡᠷᠡᠳᠦ ᠪᠠᠭᠰᠢ ᠪᠠᠷ ᠬᠦᠳᠦᠯᠦᠨ ᠳᠠᠭᠠᠭᠤᠯᠤᠭᠰᠠᠨ ᠵᠢᠭᠠᠨ ᠰᠤᠳᠤᠯᠬᠤ ᠲᠣᠣᠷ ᠰᠦᠯᠵᠢᠶ᠎ᠡ ᠪᠠ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠵᠢᠭᠠᠨ ᠰᠤᠷᠭᠠᠯᠲᠠ ᠶᠢᠨ ᠰᠤᠳᠤᠯᠭᠠᠨ ᠪᠠ ᠦᠢᠯᠡᠳᠦᠯᠭᠡ ᠶᠢ ᠪᠠᠶᠢᠩᠭᠤᠵᠢᠭᠤᠯᠤᠨ ᠥᠷᠨᠢᠭᠦᠯᠵᠦ᠂ ᠵᠠᠯᠠᠭᠤ ᠪᠠᠭᠰᠢ ᠶᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠤᠨ ᠳᠡᠭᠡᠭᠰᠢᠯᠡᠯᠲᠡ ᠶᠢ ᠪᠦᠲᠦᠮᠵᠢᠲᠡᠢ ᠠᠬᠢᠭᠤᠯᠪᠠ᠃    ᠯᠢᠶᠠᠩᠴᠧᠩ ᠰᠢᠶᠠᠨ ᠤ ᠰᠤᠷᠭᠠᠨ ᠬᠥᠮᠦᠵᠢᠯ ᠤᠨ ᠰᠤᠳᠤᠯᠤᠨ ᠰᠤᠷᠤᠯᠴᠠᠬᠤ ᠲᠥᠪ ᠤᠨ ᠳᠡᠳ᠋ ᠡᠷᠬᠢᠯᠡᠭᠴᠢ ᠸᠧᠶ ᠼᠦᠨ ᠾᠧ᠄ ᠬᠤᠶᠢᠰᠢᠳᠠ ᠶᠢᠨ ᠵᠢᠭᠠᠨ ᠰᠤᠳᠤᠯᠬᠤ ᠵᠢᠭᠠᠨ ᠰᠤᠷᠭᠠᠯᠲᠠ ᠶᠢᠨ ᠠᠮᠢᠳᠤᠷᠠᠯ ᠳᠤᠮᠳᠠ᠂ ᠪᠢ ᠥᠪᠡᠷ ᠤᠨ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠪᠠᠨ ᠴᠢᠷᠮᠠᠶᠢᠨ ᠡᠷᠢᠵᠦ᠂ ᠥᠪᠡᠷ ᠢ ᠪᠠᠨ ᠲᠠᠰᠤᠷᠠᠯᠲᠠ ᠥᠬᠡᠶ ᠡᠷᠭᠢᠴᠡᠭᠦᠯᠦᠨ ᠪᠤᠳᠤᠵᠤ᠂ ᠥᠪᠡᠷ ᠢ ᠪᠠᠨ ᠲᠡᠭᠦᠯᠳᠡᠷᠵᠢᠭᠦᠯᠵᠦ᠂ ᠣᠭ ᠰᠠᠨᠠᠭ᠎ᠠ ᠪᠠᠨ ᠥᠯᠥ ᠮᠠᠷᠲᠠᠵᠤ᠂ ᠡᠷᠡᠮᠡᠬᠡᠶᠢᠯᠡᠨ ᠤᠷᠤᠭᠰᠢᠯᠠᠵᠤ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠯᠢᠶᠠᠩᠴᠧᠩ ᠤᠨ ᠰᠤᠷᠭᠠᠨ ᠬᠥᠮᠦᠵᠢᠯ ᠤᠨ ᠭᠠᠯ ᠬᠠᠯᠠᠭᠤᠨ ᠦᠢᠯᠡᠰ ᠲᠤ ᠣᠷᠣᠯᠴᠠᠵᠤ᠂ ᠬᠠᠷᠠᠮᠰᠠᠯ ᠥᠬᠡᠶ ᠠᠮᠢᠳᠤᠷᠠᠯ ᠤᠨ ᠬᠠᠭᠤᠳᠠᠰᠤ ᠶᠢ ᠪᠢᠴᠢᠭᠯᠡᠨ᠎ᠡ   ᠭᠡᠪᠡ᠃                                                  ᠨᠠᠶᠢᠷᠠᠭᠤᠯᠤᠭᠴᠢ᠄  ᠯᠢ ᠬᠤᠩ ᠢᠦᠢ                                                    ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2