ᠤᠯᠠᠭᠠᠨᠴᠠᠪ ᠬᠤᠲᠠ ᠶᠢᠨ ᠯᠢᠶᠠᠩᠴᠧᠩ ᠰᠢᠶᠠᠨ ᠤ ᠬᠢᠯᠢ ᠳᠣᠲᠣᠷᠠᠬᠢ ᠡᠯᠧᠺᠲᠷᠣᠨ ᠢᠶᠠᠷ ᠬᠢᠨᠠᠨ ᠡᠵᠡᠮᠳᠡᠬᠦ ᠬᠠᠤᠯᠢ ᠠᠴᠠ ᠵᠥᠷᠢᠴᠡᠨ  ᠰᠡᠭᠦᠳᠡᠷᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/5/8
  ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠵᠤ᠂ ᠵᠠᠮ ᠬᠠᠷᠢᠯᠴᠠᠭᠠᠨ ᠤ ᠠᠳᠡᠯ ᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠵᠤ᠂ ᠬᠥᠮᠦᠨ ᠤ ᠪᠡᠶ᠎ᠡ ᠶᠢᠨ ᠠᠮᠤᠷ ᠲᠦᠪᠰᠢᠨ ᠢ ᠬᠠᠮᠠᠭᠠᠯᠠᠵᠤ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠡᠳ᠋ ᠬᠥᠷᠥᠩᠭᠡ ᠶᠢᠨ ᠠᠮᠤᠷ ᠲᠦᠪᠰᠢᠨ ᠵᠢᠴᠢ ᠪᠤᠰᠤᠳ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠵᠠᠮ ᠨᠡᠪᠲᠡᠷᠡᠯᠭᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠤᠤᠯᠳᠠᠯᠭ᠎ᠠ ᠲᠠᠢ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠲᠤᠰᠠᠳᠠ᠂ ᠡᠳᠦᠭᠡ ᠯᠢᠶᠠᠩᠴᠧᠩ ᠰᠢᠶᠠᠨ ᠤ ᠬᠠᠷᠢᠶ᠎ᠠ ᠣᠷᠣᠨ ᠤ ᠵᠠᠮ ᠤᠨ ᠬᠡᠰᠡᠭ ᠤᠨ ᠰᠢᠨ᠎ᠡ ᠪᠠᠷ ᠨᠡᠮᠡᠭᠳᠡᠭᠰᠡᠨ ᠡᠯᠧᠺᠲᠷᠣᠨ ᠬᠢᠨᠠᠨ ᠡᠵᠡᠮᠳᠡᠬᠦ ᠬᠠᠤᠯᠢ ᠠᠴᠠ ᠵᠥᠷᠢᠴᠡᠨ  ᠰᠡᠭᠦᠳᠡᠷᠯᠡᠬᠦ ᠵᠠᠮ ᠤᠨ ᠬᠡᠰᠡᠭ ᠢ ᠳᠣᠤᠷᠠᠬᠢ ᠮᠡᠲᠦ ᠵᠠᠷᠯᠠᠶ᠎ᠠ᠄  
ᠳᠡᠭᠡᠷᠡᠬᠢ ᠵᠠᠷᠯᠠᠯ ᠤᠨ ᠠᠭᠤᠯᠭ᠎ᠠ ᠶᠢ 2024 ᠣᠨ ᠤ 5 ᠰᠠᠷ᠎ᠠ ᠶᠢᠨ 17 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                   ᠡᠭᠦᠨ ᠤ ᠲᠤᠯᠠ ᠣᠨᠴᠠᠭᠠᠶᠢᠯᠠᠨ ᠵᠠᠷᠯᠠᠪᠠ     ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ              ᠬᠠᠮᠢᠶᠠᠷᠤᠯᠲᠠ ᠶᠢᠨ ᠰᠠᠯᠪᠤᠷᠢ ᠠᠩᠭᠢ ᠯᠢᠶᠠᠩᠴᠧᠩ ᠰᠢᠶᠠᠨ ᠤ ᠶᠡᠭᠡ ᠠᠩᠭᠢ                           2024 ᠣᠨ ᠤ 5 ᠰᠠᠷ᠎ᠠ ᠶᠢᠨ 8 ᠤ ᠡᠳᠦᠷ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2