ᠵᠧᠩ ᠳ᠋ᠦᠩ ᠫᠢᠩ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/8
   5 ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠳᠠᠭ᠎ᠠ ᠶᠢᠨ ᠨᠠᠭᠤᠷ ᠪᠠᠯᠭᠠᠰᠤᠨ ᠳᠤ ᠭᠦᠨᠵᠡᠭᠡᠶᠢᠷᠡᠨ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠪᠠᠶᠢᠴᠠᠭᠠᠨ ᠰᠤᠳᠤᠯᠪᠠ᠃    ᠳᠠᠭ᠎ᠠ ᠶᠢᠨ ᠨᠠᠭᠤᠷ ᠪᠠᠯᠭᠠᠰᠤᠨ ᠤ ᠲᠠᠪᠤᠳᠤᠭᠠᠷ ᠰᠤᠮᠤ ᠲᠣᠰᠬᠤᠨ ᠤ ᠲᠠᠷᠢᠶᠠᠨ ᠭᠠᠵᠠᠷ ᠲᠤ ᠶᠠᠭ ᠶᠠᠭᠠᠷᠠᠯᠳᠤᠨ ᠬᠠᠪᠤᠷ ᠤᠨ ᠲᠠᠷᠢᠶᠠᠯᠠᠭ᠎ᠠ ᠶᠢᠨ ᠪᠠᠶᠢᠳᠠᠯ ᠢᠯᠡᠷᠡᠵᠦ ᠪᠠᠶᠢᠨ᠎ᠠ᠃ ᠵᠧᠩ ᠳ᠋ᠦᠩ ᠫᠢᠩ ᠲᠠᠷᠢᠶᠠᠨ ᠭᠠᠵᠠᠷ ᠲᠤ ᠭᠦᠨᠵᠡᠭᠡᠶᠢᠷᠡᠨ ᠬᠥᠷᠥᠰᠥᠨ ᠤ ᠴᠢᠭᠢᠭ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠯᠪᠣᠭᠳᠠᠯ ᠪᠥᠬᠦᠶ ᠬᠠᠷᠢᠭᠤᠴᠠᠯᠭᠠᠲᠠᠨ ᠲᠠᠢ ᠳᠣᠲᠣᠨᠣ ᠪᠠᠷ ᠶᠠᠷᠢᠯᠴᠠᠵᠤ᠂ ᠳᠠᠷᠢᠬᠤ ᠬᠡᠪᠴᠢᠶ᠎ᠡ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠡᠷᠡᠭᠯᠡᠯᠲᠡ᠂ ᠳᠠᠷᠢᠬᠤ ᠠᠬᠢᠴᠠ᠂ ᠲᠠᠷᠢᠮᠠᠯ ᠤᠨ ᠦᠷ᠎ᠡ ᠠᠰᠢᠭ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠣᠳᠣᠬᠠᠨ ᠳᠤ ᠶᠠᠭ ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠴᠠᠭ ᠦᠶ᠎ᠡ ᠪᠣᠯᠵᠣ ᠪᠠᠶᠢᠨ᠎ᠠ᠂ ᠲᠠᠷᠢᠶᠠᠯᠠᠭ᠎ᠠ ᠶᠢᠨ ᠴᠠᠭ ᠢ ᠠᠮᠵᠢᠨ ᠠᠳᠬᠤᠵᠤ᠂ ᠬᠠᠪᠤᠷ ᠤᠨ ᠤᠯᠠᠷᠢᠯ ᠤᠨ ᠲᠠᠷᠢᠶᠠᠯᠠᠩ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠠᠮᠤ ᠪᠤᠳᠠᠭ᠎ᠠ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠤᠨ᠂ ᠪᠥᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠰᠠᠶᠢᠨ ᠡᠬᠢᠯᠡᠯᠲᠡ ᠲᠠᠢ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠬᠤ᠂ ᠨᠥᠭᠡᠴᠡᠯᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠭᠦᠢᠴᠡᠳ ᠪᠠᠶᠢᠬᠤ ᠪᠠ ᠲᠤᠭ᠎ᠠ ᠬᠡᠮᠵᠢᠶ᠎ᠡ ᠶᠢ ᠪᠠᠲᠤᠯᠠᠬᠤ ᠶᠢ ᠪᠠᠲᠤᠯᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠬᠡᠷᠡᠭᠴᠡᠭᠡ ᠶᠢ ᠪᠦᠬᠦ ᠲᠠᠯ᠎ᠠ ᠪᠠᠷ ᠬᠠᠩᠭᠠᠬᠤ ᠬᠡᠷᠡᠭᠲᠡᠢ ᠭᠡᠪᠡ᠃    ᠳᠠᠭ᠎ᠠ ᠶᠢᠨ ᠨᠠᠭᠤᠷ ᠪᠠᠯᠭᠠᠰᠤᠨ ᠤ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃                                              ᠨᠠᠶᠢᠷᠠᠭᠤᠯᠤᠭᠴᠢ᠄   ᠶᠠᠩ  ᠿᠦᠢ ᠵᠧᠨ                                              ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2