ᠯᠢᠶᠠᠩᠴᠧᠩ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠱᠢ ᠯᠢ ᠭᠦᠸᠧ᠄ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ ᠭᠤᠤᠯ ᠮᠥᠷᠡᠨ ᠨᠠᠭᠤᠷ ᠴᠥᠭᠦᠷᠥᠮ ᠢ ᠰᠠᠬᠢᠨ ᠬᠠᠮᠠᠭᠠᠯᠠᠪᠠ
ᠨᠡᠶᠢᠲᠡᠯᠡᠭᠰᠡᠨ ᠴᠠᠭ᠄
2024/6/10
   ᠲᠡᠷᠡ ᠡᠶᠢᠮᠦ ᠨᠢᠭᠡᠨ ᠵᠠᠯᠠᠭᠤ ᠤᠰᠤᠨ ᠠᠰᠢᠭᠯᠠᠯᠲᠠ ᠶᠢᠨ ᠠᠵᠢᠯᠲᠠᠨ ᠲᠠᠢ ᠪᠠᠶᠢᠵᠤ᠂ ᠠᠵᠢᠯ  ᠦᠢᠯᠡᠰ ᠢᠶᠠᠨ ᠳᠡᠭᠡᠳᠦᠯᠡᠵᠦ᠂ ᠡᠷᠡᠰ ᠪᠠᠲᠤ ᠪᠠᠶᠢᠵᠤ᠂ ᠯᠢᠶᠠᠩᠴᠧᠩ ᠰᠢᠶᠠᠨ ᠤ ᠭᠤᠤᠯ ᠮᠥᠷᠡᠨ ᠨᠠᠭᠤᠷ ᠴᠥᠭᠦᠷᠥᠮ ᠢ ᠰᠠᠬᠢᠨ ᠬᠠᠮᠠᠭᠠᠯᠠᠬᠤ ᠠᠵᠢᠯ ᠤᠨ ᠳᠤᠮᠳᠠᠬᠢ ᠨᠢᠭᠡᠨ ᠲᠤᠭ ᠲᠡᠮᠳᠡᠭ ᠪᠣᠯᠤᠭᠰᠠᠨ ᠪᠠᠶᠢᠨ᠎ᠠ᠃ ᠲᠡᠷᠡ ᠪᠣᠯ ᠳᠠᠷᠤᠢ ᠯᠢᠶᠠᠩᠴᠧᠩ ᠰᠢᠶᠠᠨ ᠤ ᠡᠭᠡᠯ ᠵᠢᠷ ᠤᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯᠲᠠᠨ - ᠱᠢ ᠯᠢ ᠭᠦᠸᠧ ᠪᠣᠯᠤᠨ᠎ᠠ᠃
       ᠱᠢ ᠯᠢ ᠭᠦᠸᠧ᠂ 1991 ᠣᠨ ᠳᠤ ᠲᠦᠷᠦᠵᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠯᠢᠶᠠᠩᠴᠧᠩ ᠰᠢᠶᠠᠨ ᠤ ᠤᠰᠤᠨ ᠠᠰᠢᠭᠯᠠᠯᠲᠠ ᠶᠢᠨ ᠲᠤᠪᠴᠢᠶ᠎ᠠ ᠶᠢᠨ ᠭᠤᠣᠯ ᠮᠥᠷᠡᠨ ᠨᠠᠭᠤᠷ ᠴᠥᠭᠦᠷᠥᠮ ᠤᠨ ᠠᠯᠪᠠᠨ ᠭᠡᠷ ᠤᠨ ᠡᠷᠬᠢᠯᠡᠭᠴᠢ᠂ ᠪᠦᠬᠦ ᠰᠢᠶᠠᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠲᠤᠬᠠᠶᠢᠯᠠᠭᠰᠠᠨ ᠠᠵᠢᠯ ᠢ ᠬᠠᠷᠢᠭᠤᠴᠠᠵᠤ ᠪᠠᠶᠢᠨ᠎ᠠ᠃ ᠲᠡᠷᠡ ᠠᠵᠢᠯ ᠤᠨ ᠳᠤᠮᠳᠠ ᠪᠠᠨ ᠬᠢᠷᠢ ᠲᠡᠩᠴᠡᠭᠰᠡᠨ ᠡᠪ ᠬᠠᠮᠲᠤ ᠨᠠᠮ ᠤᠨ ᠭᠡᠰᠢᠭᠦᠨ ᠤ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠵᠤ᠂ ᠨᠠᠮ ᠤᠨ ᠭᠡᠰᠢᠭᠦᠨ ᠤ ᠬᠤᠰᠢᠭᠤᠴᠢ ᠦᠢᠯᠡᠳᠦᠯ ᠢ ᠪᠠᠳᠠᠷᠠᠭᠤᠯᠤᠨ᠂ ᠤᠭ ᠰᠠᠨᠠᠭ᠎ᠠ ᠪᠠᠨ ᠦᠢᠯᠡᠳᠦᠯᠭᠡᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠂ ᠳᠡᠭᠡᠳᠦ ᠬᠡᠮᠵᠢᠶᠡᠨ ᠤ ᠠᠵᠢᠯ ᠤᠨ ᠬᠠᠯᠠᠭᠤᠨ ᠰᠡᠳᠬᠢᠯᠭᠡ ᠪᠠᠷ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠲᠤᠰᠬᠠᠢ ᠮᠡᠷᠭᠡᠵᠢᠯ ᠤᠨ ᠮᠡᠳᠡᠯᠭᠡ ᠪᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠨ ᠡᠵᠡᠮᠰᠢᠵᠦ᠂ ︽ᠨᠢᠭᠡ ᠭᠤᠣᠯ ᠮᠥᠷᠡᠨ ᠨᠢᠭᠡ ᠪᠣᠳᠣᠯᠭ᠎ᠠ ᠬᠡᠷᠡᠭᠵᠢᠭᠦᠯᠬᠦ︾ ︽ᠨᠢᠭᠡ ᠨᠠᠭᠤᠷ ᠨᠢᠭᠡ ᠪᠣᠳᠣᠯᠭ᠎ᠠ ᠬᠡᠷᠡᠭᠵᠢᠭᠦᠯᠬᠦ︾ ᠬᠡᠷᠡᠭᠵᠢᠭᠦᠯᠬᠦ ᠲᠥᠰᠦᠯ ᠤᠨ ᠲᠣᠭᠤᠷᠢᠨ ᠳᠤ᠂ ᠰᠢᠶᠠᠨ ᠰᠢᠶᠠᠩ ᠲᠣᠰᠬᠤᠨ ᠤ ᠭᠤᠷᠪᠠᠨ ᠱᠠᠲᠤᠨ ᠤ ᠭᠤᠣᠯ ᠮᠥᠷᠡᠨ ᠤ ᠳᠠᠷᠤᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠮᠠᠨ ᠤ ᠰᠢᠶᠠᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠭᠤᠣᠯ ᠮᠥᠷᠡᠨ ᠢ ᠲᠣᠭᠤᠷᠢᠨ ᠪᠠᠶᠢᠴᠠᠭᠠᠬᠤ᠂ ︽ᠡᠮᠬᠢ ᠵᠠᠮᠪᠠᠷᠠᠭ᠎ᠠ ᠦᠭᠡᠢ ᠶᠢ ᠠᠷᠢᠯᠭᠠᠬᠤ︾᠂ ︽ᠬᠠᠪᠤᠷ ᠤᠨ ᠤᠯᠠᠷᠢᠯ᠂ ᠨᠠᠮᠤᠷ ᠤᠨ ᠤᠯᠠᠷᠢᠯ︾᠎ ᠢ ᠬᠠᠮᠠᠭᠠᠯᠠᠬᠤ ᠠᠵᠢᠯᠯᠠᠭ᠎ᠠ᠂ ︽ᠭᠤᠣᠯ ᠮᠥᠷᠡᠨ ᠤ ᠳᠠᠷᠤᠭ᠎ᠠ ᠳᠤ ᠨᠡᠪᠲᠡᠷᠡᠬᠦ︾ APP᠎ ᠶᠢ ᠬᠡᠷᠡᠭᠯᠡᠬᠦ ᠵᠡᠷᠭᠡ ᠠᠵᠢᠯ ᠢ ᠵᠣᠬᠢᠶᠠᠨ ᠪᠠᠶᠢᠭᠤᠯᠤᠨ ᠪᠡᠶᠡᠯᠡᠭᠦᠯᠵᠡᠢ︔ ᠡᠭᠦᠨ ᠤ ᠬᠠᠮᠲᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠢ ᠤᠶᠠᠯᠳᠤᠭᠤᠯᠵᠤ᠂ ᠭᠤᠣᠯ ᠤᠨ ᠵᠠᠮ ᠤᠨ ︽ᠳᠥᠷᠪᠡᠨ ᠰᠠᠮᠠᠭᠤᠨ ᠢ ᠠᠷᠢᠯᠭᠠᠬᠤ︾ ᠬᠢᠨᠠᠨ ᠰᠢᠯᠭᠠᠵᠤ ᠬᠤᠪᠢ ᠲᠣᠭᠲᠠᠭᠠᠬᠤ ᠨᠠᠷᠢᠨ ᠳᠦᠷᠢᠮ ᠢ ᠲᠣᠭᠲᠠᠭᠠᠨ ᠬᠡᠷᠡᠭᠵᠢᠭᠦᠯᠪᠡ᠃ ᠯᠢᠶᠠᠩᠴᠧᠩ ᠰᠢᠶᠠᠨ ᠤ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠠᠵᠢᠯ ᠤᠨ ᠪᠣᠳᠠᠲᠤ ᠪᠠᠶᠢᠳᠠᠯ ᠳᠤ ᠴᠢᠭᠯᠡᠭᠦᠯᠦᠨ᠂ ᠱᠢ ᠯᠢ ᠭᠦᠸᠧ ᠵᠥᠩ ᠬᠤᠸᠠᠢ ᠲᠠᠨ ᠭᠤᠤᠯ ᠤᠨ ᠳᠥᠷᠪᠡᠨ ᠲᠠᠯ᠎ᠠ ᠪᠠᠷ ᠠᠭᠤᠯᠠ ᠬᠦᠷᠢᠶᠡᠯᠡᠵᠦ᠂ ᠭᠤᠷᠪᠠᠨ ᠶᠡᠭᠡ ᠰᠠᠪᠠ ᠭᠠᠵᠠᠷ ᠤᠨ ᠭᠠᠵᠠᠷ ᠵᠦᠶ ᠶᠢᠨ ᠣᠨᠴᠠᠯᠢᠭ ᠲᠠᠢ ᠤᠶᠠᠯᠳᠤᠭᠤᠯᠤᠨ᠂ ᠠᠵᠢᠯ ᠤᠨ ᠠᠷᠭ᠎ᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠬᠦ ᠶᠢᠨ ᠬᠠᠮᠲᠤ ᠰᠢᠨ᠎ᠡ ᠶᠢ ᠡᠭᠦᠳᠴᠦ᠂ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ︽ᠨᠢᠭᠡ ᠲᠠᠰᠤᠭ᠂ ᠬᠤᠶᠠᠳᠤᠭᠠᠷ ᠠᠩᠭᠢ᠂ ᠭᠤᠷᠪᠠᠨ ᠣᠷᠣᠨ᠂ ᠳᠥᠷᠪᠡᠨ ᠵᠠᠷᠯᠠᠯ︾᠎ ᠤᠨ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠵᠢᠯᠯᠠᠭᠠᠨ ᠤ ᠵᠠᠭᠪᠤᠷ ᠢ ᠠᠮᠵᠢᠯᠲᠠ ᠲᠠᠢ ᠪᠠᠷ ᠪᠠᠶᠢᠭᠤᠯᠪᠠ᠃ ᠡᠨᠡ ᠬᠦ ᠵᠠᠭᠪᠤᠷ ᠨᠢ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠯᠢᠶᠠᠩᠴᠧᠩ ᠰᠢᠶᠠᠨ ᠤ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠠᠵᠢᠯ ᠳᠤ ᠰᠢᠨ᠎ᠡ ᠠᠷᠭ᠎ᠠ ᠵᠠᠮ ᠢ ᠨᠡᠭᠡᠭᠡᠵᠦ ᠥᠭᠴᠡᠶ᠃
   ᠡᠯ᠎ᠡ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠣᠣᠷᠵᠢᠭᠤᠯᠤᠭᠰᠠᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠬᠦ ᠶᠢᠨ ᠲᠥᠯᠥᠭᠡ᠂ ᠱᠢ ᠯᠢ ᠭᠦᠸᠧ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ︽ᠰᠠᠪᠠ ᠭᠠᠵᠠᠷ ᠤᠨ ᠣᠷᠣᠨ ᠪᠦᠰᠡ︾᠎ ᠶᠢᠨ ᠲᠣᠣᠷᠵᠢᠭᠤᠯᠤᠭᠰᠠᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠠᠰᠤᠷᠠᠯᠳᠠ ᠦᠭᠡᠢ ᠰᠤᠳᠤᠯᠤᠨ ᠲᠡᠭᠦᠯᠳᠡᠷᠵᠢᠭᠦᠯᠬᠦ ᠶᠢᠨ ᠬᠠᠮᠲᠤ ᠭᠤᠣᠯ ᠮᠥᠷᠡᠨ ᠢ ᠲᠣᠭᠤᠷᠢᠨ ᠪᠠᠶᠢᠴᠠᠭᠠᠬᠤ ᠶᠢ ᠰᠠᠨᠠᠭᠤᠯᠬᠤ ᠵᠠᠬᠢᠳᠠᠯ᠂ ᠸᠢᠴᠠᠲ ᠤᠨ ᠠᠵᠢᠯ ᠤᠨ ᠤᠯᠠᠨ ᠲᠠᠯ᠎ᠠ ᠶᠢᠨ ᠰᠠᠨᠠᠭᠤᠯᠤᠮᠵᠢ ᠵᠢᠴᠢ ᠤᠲᠠᠰᠤ ᠪᠠᠷ ᠱᠠᠯᠠᠪᠳᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠳᠤ ᠭᠤᠣᠯ ᠮᠥᠷᠡᠨ ᠨᠠᠭᠤᠷ ᠴᠥᠭᠦᠷᠥᠮ ᠤᠨ ᠪᠣᠳᠠᠲᠠᠢ ᠠᠵᠢᠯ ᠤᠨ ᠡᠭᠦᠷᠭᠡ ᠶᠢ ᠪᠡᠶᠡᠯᠡᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠰᠠᠨᠠᠭᠤᠯᠪᠠ᠃ ᠡᠳᠦᠷ ᠲᠤᠲᠤᠮ ᠤᠨ ᠭᠤᠤᠯ ᠮᠥᠷᠡᠨ ᠢ ᠴᠠᠭᠳᠠᠨ ᠪᠠᠶᠢᠴᠠᠭᠠᠬᠤ ᠶᠠᠪᠤᠴᠠ ᠳᠤ ᠲᠡᠷᠡ ᠦᠷᠭᠦᠯᠵᠢ ᠡᠷᠬᠢᠨ ᠲᠣᠭᠤᠷᠢᠨ ᠤ ᠣᠯᠠᠨ ᠲᠦᠮᠡᠨ ᠳᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠵᠣᠷᠢᠯᠭ᠎ᠠ ᠪᠠ ᠠᠴᠢ ᠬᠤᠯᠪᠣᠭᠳᠠᠯ ᠢ ᠬᠦᠯᠢᠴᠡᠩᠭᠦᠶ ᠪᠠᠷ ᠲᠠᠶᠢᠯᠪᠤᠷᠢᠯᠠᠨ ᠤᠬᠠᠭᠤᠯᠵᠤ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠠᠨᠢᠯᠴᠠᠭᠤᠯᠵᠤ᠂ ᠤᠰᠤ ᠶᠢ ᠵᠠᠰᠠᠬᠤ ᠮᠡᠳᠡᠯᠭᠡ ᠶᠢ ᠲᠦᠭᠡᠮᠡᠯᠵᠢᠭᠦᠯᠵᠦ᠂ ᠡᠭᠦᠨ ᠤ ᠤᠯᠠᠮ ᠠᠴᠠ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠭᠤᠤᠯ ᠤᠨ ᠵᠠᠮ ᠤᠨ ᠠᠷᠢᠭᠤᠨ ᠴᠡᠪᠡᠷ ᠢ ᠬᠠᠮᠠᠭᠠᠯᠠᠬᠤ ᠤᠬᠠᠮᠰᠠᠷ ᠢ ᠨᠢ ᠴᠢᠩᠭᠠᠳᠬᠠᠵᠤ᠂ ᠭᠤᠤᠯ ᠮᠥᠷᠡᠨ ᠨᠠᠭᠤᠷ ᠴᠥᠭᠦᠷᠥᠮ ᠢ ᠵᠠᠰᠠᠬᠤ ᠶᠢᠨ ᠴᠢᠬᠤᠯᠠ ᠴᠢᠨᠠᠷ ᠢ ᠲᠠᠨᠢᠭᠤᠯᠪᠠ᠃ ᠱᠢ ᠯᠢ ᠬᠦᠸᠧ ᠶᠢᠨ ᠠᠵᠢᠯ ᠤᠨ ᠣᠪᠣᠷ ᠨᠢ ᠬᠠᠮᠲᠤ ᠠᠵᠢᠯᠯᠠᠭᠰᠠᠳ ᠢ ᠥᠷᠭᠡᠨ ᠢᠶᠠᠷ ᠮᠡᠳᠡᠷᠡᠵᠦ ᠪᠠᠶᠢᠨ᠎ᠠ᠂ ᠬᠠᠮᠲᠤ ᠠᠵᠢᠯᠯᠠᠭᠴᠢ ᠹᠧᠩ ᠭᠦᠸᠧ ᠯᠢᠶᠠᠩ᠄ ︽ᠱᠢ ᠯᠢ ᠭᠦᠸᠧ ᠨᠥᠬᠦᠷ 2022᠎ ᠤᠨ ᠪᠣᠯᠲᠠᠯ᠎ᠠ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠳᠤ ᠣᠷᠣᠯᠴᠠᠭᠰᠠᠨ ᠠᠴᠠ ᠨᠠᠰᠢ᠂ ᠠᠵᠢᠯ ᠢᠶᠠᠨ ᠨᠠᠷᠢᠨ ᠬᠢᠨᠠᠮᠠᠭᠠᠢ ᠬᠠᠷᠢᠭᠤᠴᠠᠵᠤ᠂ ᠠᠵᠢᠯᠴᠢ ᠬᠢᠴᠢᠶᠡᠩᠭᠦᠢ ᠪᠠᠷ ᠠᠵᠢᠯᠯᠠᠵᠤ᠂ ᠰᠠᠷ᠎ᠠ ᠪᠦᠷᠢ ᠶᠢᠨ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠰᠠᠮᠠᠭᠤᠷᠠᠯ ᠢ ᠠᠷᠢᠯᠭᠠᠬᠤ︾ ᠡᠬᠡ ᠲᠠᠩᠰᠠ ᠶᠢ ᠡᠮᠬᠢᠯᠡᠬᠦ ᠳᠤ ᠮᠠᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠵᠢᠴᠢ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ App᠎ ᠤᠨ ᠬᠡᠷᠡᠭᠯᠡᠯᠲᠡ ᠵᠡᠷᠭᠡ ᠶᠢ ᠬᠠᠷᠢᠭᠤᠴᠠᠵᠤ᠂ ᠡᠯ᠎ᠡ ᠰᠢᠶᠠᠩ ᠪᠠᠯᠭᠠᠰᠤ ᠲᠠᠢ ᠬᠠᠮᠵᠢᠯᠴᠠᠨ ᠮᠠᠨ ᠤ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠠᠵᠢᠯ ᠢ ᠪᠣᠳᠠᠲᠠᠢ ᠰᠠᠶᠢᠲᠤᠷ ᠠᠳᠬᠤᠬᠤ ᠬᠡᠷᠡᠭᠲᠡᠢ᠃ ᠦᠷᠭᠦᠯᠵᠢ ᠨᠠᠷᠢᠨ ᠬᠢᠨᠠᠮᠠᠭᠠᠢ ᠬᠠᠷᠢᠭᠤᠴᠠᠵᠤ᠂ ᠵᠣᠪᠠᠭᠤᠷᠢ ᠵᠦᠳᠡᠭᠦᠷᠢ ᠶᠢ ᠬᠦᠯᠢᠴᠡᠨ ᠲᠡᠰᠪᠦᠷᠢᠯᠡᠵᠦ ᠪᠠᠶᠢᠵᠠᠢ᠃    ᠱᠢ ᠯᠢ ᠭᠦᠸᠧ᠄ ︽ᠪᠢ ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠴᠤ ᠬᠠᠮᠠᠭᠠᠯᠠᠬᠤ ᠦᠢᠯᠡᠰ ᠢ ᠦᠷᠭᠦᠯᠵᠢᠯᠡᠨ ᠰᠠᠶᠢᠲᠤᠷ ᠬᠢᠵᠦ᠂ ᠤᠰᠤ ᠨᠢ ᠲᠤᠩᠭᠠᠯᠠᠭ᠂ ᠡᠷᠭᠢ ᠨᠢ ᠨᠣᠭᠤᠭᠠᠨ᠂ ᠭᠤᠣᠯ ᠨᠢ ᠰᠢᠯᠤᠭᠤᠨ᠂ ᠦᠵᠡᠮᠵᠢ ᠨᠢ ᠰᠠᠶᠢᠬᠠᠨ ᠦᠵᠡᠰᠬᠦᠯᠡᠩᠲᠦ ᠰᠠᠶᠢᠬᠠᠨ ᠵᠣᠯ ᠵᠢᠷᠭᠠᠯᠲᠤ ᠭᠤᠣᠯ ᠮᠥᠷᠡᠨ ᠨᠠᠭᠤᠷ ᠴᠥᠭᠦᠷᠥᠮ ᠢ ᠡᠭᠦᠳᠦᠨ ᠪᠠᠶᠢᠭᠤᠯᠬᠤ ᠪᠠᠷ ᠥᠪᠡᠷ ᠤᠨ ᠦᠢᠯᠡᠰ ᠤᠨ ᠢᠶᠠᠨ ᠲᠡᠮᠡᠴᠡᠬᠦ ᠬᠠᠷᠠᠯᠲᠠ ᠪᠠᠨ ᠪᠣᠯᠭᠠᠵᠤ᠂ ᠠᠵᠢᠯ ᠤᠨ ᠳᠤᠮᠳᠠ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ᠭᠤᠣᠯ ᠮᠥᠷᠡᠨ ᠨᠠᠭᠤᠷ ᠴᠥᠭᠦᠷᠥᠮ ᠢ ᠰᠠᠬᠢᠨ ᠬᠠᠮᠠᠭᠠᠯᠠᠭᠴᠢ ᠶᠢᠨ ᠵᠣᠪᠠᠭᠤᠷᠢ ᠵᠦᠳᠡᠭᠦᠷᠢ ᠠᠴᠠ ᠠᠶᠤᠬᠤ ᠦᠭᠡᠢ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ ᠰᠠᠶᠢᠨ ᠰᠠᠶᠢᠬᠠᠨ ᠰᠤᠷᠲᠠᠯ ᠢ ᠲᠠᠶᠢᠯᠪᠤᠷᠢᠯᠠᠵᠤ᠂ ᠮᠠᠨ ᠤ ᠰᠢᠶᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠬᠡᠯᠡᠪᠡ᠃                                                  ᠨᠠᠶᠢᠷᠠᠭᠤᠯᠤᠭᠴᠢ᠄   ᠶᠠᠩ  ᠿᠦᠢ ᠵᠧᠨ                                                  ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2