ᠯᠢᠶᠠᠩᠴᠧᠩ ᠰᠢᠶᠠᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/10
    ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠬᠠᠮᠢᠶᠠᠷᠤᠯᠲᠠ ᠪᠠ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠤᠳᠠᠯᠳᠤᠭᠠᠴᠢᠨ ᠲᠣᠭᠲᠠᠭᠠᠯ ᠠᠴᠠ ᠵᠥᠷᠢᠴᠡᠨ ᠤᠯᠤᠰ ᠤᠨ ᠪᠠᠷᠢᠮᠵᠢᠶ᠎ᠠ ᠳᠤ ᠨᠡᠶᠢᠴᠡᠬᠦ ᠥᠬᠡᠶ ᠴᠠᠬᠢᠯᠭᠠᠨ ᠬᠥᠳᠡᠯᠭᠡᠭᠦᠷᠲᠦ ᠲᠡᠷᠭᠡ ᠪᠣᠷᠣᠯᠠᠭᠤᠯᠬᠤ ᠶᠢ ᠰᠡᠷᠭᠡᠶᠢᠯᠡᠬᠦ ᠶᠢᠨ ᠲᠤᠰᠠᠳᠠ᠂ 6 ᠰᠠᠷ᠎ᠠ ᠶᠢᠨ 7᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ᠂ ᠤᠯᠠᠭᠠᠨᠴᠠᠪ ᠬᠤᠲᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠲᠣᠪᠴᠢᠶ᠎ᠠ ᠲᠠᠢ ᠬᠠᠮᠲᠤᠷᠠᠨ ᠯᠢᠶᠠᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠬᠠᠷᠢᠶ᠎ᠠ ᠣᠷᠣᠨ ᠤ ᠪᠠᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠭᠠᠵᠠᠷ ᠲᠤ ᠠᠮᠤᠷ ᠲᠦᠪᠰᠢᠨ ᠤ ᠳᠠᠯᠳᠠ ᠬᠡᠮ ᠢ ᠲᠤᠰᠬᠠᠶ ᠴᠡᠭᠴᠡᠯᠡᠨ ᠵᠠᠰᠠᠵᠤ ᠪᠠᠶᠢᠴᠠᠭᠠᠪᠠ᠃    ᠡᠨᠡ ᠬᠤᠭᠤᠴᠠᠭᠠᠨ ᠳᠤ᠂ ᠪᠠᠶᠢᠴᠠᠭᠠᠬᠤ ᠳᠤᠭᠤᠶᠢᠯᠠᠩ ᠬᠠᠷᠢᠶᠠᠲᠤ ᠣᠷᠣᠨ ᠤ ᠳᠣᠲᠣᠷᠠᠬᠢ ᠪᠣᠶ ᠪᠥᠬᠦᠶ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠡᠵᠡᠩᠨᠡᠨ ᠪᠣᠷᠣᠯᠠᠭᠤᠯᠬᠤ ᠴᠡᠭ ᠲᠤ ᠪᠠᠶᠢᠳᠠᠯ ᠢ ᠤᠶᠢᠯᠠᠭᠠᠨ ᠪᠠᠶᠢᠴᠠᠭᠠᠯᠲᠠ ᠬᠢᠵᠦ᠂ ᠬᠤᠳᠠᠯᠳᠤᠭᠠᠴᠢᠨ ᠤ ᠪᠠᠷᠠᠭ᠎ᠠ ᠣᠷᠣᠭᠤᠯᠬᠤ ᠠᠷᠭ᠎ᠠ ᠵᠠᠮ᠂ ᠳ᠋ᠢᠶᠠᠨ ᡂᠢ ᠵᠡᠷᠭᠡ ᠲᠤᠰᠠᠯᠠᠬᠤ ᠦᠢᠯᠡᠳᠬᠦᠨ ᠤ ᠱᠣᠰᠢᠭ᠎ᠠ ᠲᠡᠮᠳᠡᠭ᠂ ᠦᠢᠯᠡᠳᠬᠦᠨ ᠤ ᠬᠢᠷᠢ ᠲᠡᠩᠴᠡᠭᠰᠡᠨ ᠦᠨᠡᠮᠯᠡᠯ᠂ ᠦᠢᠯᠡᠳᠪᠦᠷᠢ ᠶᠢᠨ ᠨᠡᠷᠡᠰ ᠤᠨ ᠦᠢᠯᠡᠳᠪᠦᠷᠢ ᠶᠢᠨ ᠬᠠᠶ᠋ᠢᠭ ᠵᠡᠷᠭᠡ ᠮᠡᠳᠡᠭᠡ ᠵᠠᠩᠭᠢ ᠶᠢᠨ ᠮᠠᠲ᠋ᠧᠷᠢᠶᠠᠯ ᠢ ᠲᠤᠬᠠᠶ ᠶᠢᠨ ᠲᠠᠯᠠᠪᠤᠷ ᠲᠤᠨᠢ ᠪᠠᠶᠢᠴᠠᠭᠠᠨ ᠰᠢᠯᠭᠠᠵᠠᠶ᠃ ᠡᠭᠦᠨ ᠤ ᠬᠠᠮᠲᠤ ᠬᠤᠯᠪᠣᠭᠳᠠᠯ ᠪᠦᠬᠦᠢ ᠰᠡᠯᠪᠢᠭ ᠲᠣᠨᠤᠭ ᠤᠨ ᠲᠡᠮᠳᠡᠭ᠂ ᠲᠣᠳᠣᠷᠬᠠᠶᠢᠯᠠᠯᠲᠠ ᠶᠢᠨ ᠪᠢᠴᠢᠭ ᠨᠢ ᠵᠥᠪ ᠣᠨᠣᠪᠴᠢᠲᠠᠶ ᠪᠠᠶᠢᠬᠤ ᠡᠰᠡᠬᠦ᠂ ᠬᠤᠳᠠᠯ ᠬᠠᠭᠤᠷᠮᠠᠭ ᠤᠬᠠᠭᠤᠯᠭ᠎ᠠ ᠪᠠᠶᠢᠬᠤ ᠡᠰᠡᠬᠦ ᠶᠢ ᠪᠠᠶᠢᠴᠠᠭᠠᠨ ᠰᠢᠯᠭᠠᠪᠠ᠃ ᠤᠯᠤᠰ ᠤᠨ ᠪᠠᠷᠢᠮᠵᠢᠶ᠎ᠠ ᠪᠠ ᠠᠵᠢᠯ ᠲᠥᠷᠥᠯ ᠤᠨ ᠲᠣᠭᠲᠠᠭᠠᠯ ᠲᠠᠢ ᠬᠠᠷᠢᠴᠠᠭᠤᠯᠤᠨ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠬᠦᠨᠳᠦ ᠶᠢᠨ ᠬᠡᠮᠵᠢᠶ᠎ᠡ᠂ ᠬᠡᠯᠪᠡᠷᠢ ᠮᠠᠶ᠋ᠢᠭ᠂ ᠴᠢᠳᠠᠮᠵᠢ᠂ ᠠᠮᠤᠷ ᠲᠦᠪᠰᠢᠨ ᠤ ᠪᠡᠯᠡᠳᠬᠡᠮᠵᠢ ᠵᠡᠷᠭᠡ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠪᠠᠶᠢᠴᠠᠭᠠᠵᠤ᠂ ᠱᠠᠭᠠᠷᠳᠠᠯᠭ᠎ᠠ ᠳᠤ ᠨᠡᠶᠢᠴᠡᠬᠦ ᠦᠭᠡᠶ ᠴᠠᠬᠢᠯᠭᠠᠨ ᠬᠥᠳᠡᠯᠭᠡᠭᠦᠷᠲᠦ ᠲᠡᠷᠭᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠪᠢᠲᠡᠭᠦᠮᠵᠢᠯᠡᠨ᠎ᠡ᠃ ᠪᠠᠶᠢᠴᠠᠭᠠᠬᠤ ᠳᠤᠭᠤᠶᠢᠯᠠᠩ ᠠᠴᠠ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠶ᠋ᠴᠡᠳᠬᠡᠵᠦ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠪᠣᠭᠤᠮᠲᠠ ᠶᠢ ᠴᠢᠩᠭ᠎ᠠ ᠠᠳᠬᠤᠵᠤ᠂ ᠬᠠᠮᠢᠶ᠎ᠠ ᠪᠥᠬᠦᠶ ᠦᠶ᠋ᠯᠡᠳᠬᠦᠨ ᠤ ᠬᠢᠷᠢ ᠬᠡᠮ ᠤᠨ ᠭᠡᠷᠡᠴᠢ ᠮᠠᠲ᠋ᠧᠷᠢᠶᠠᠯ ᠢ ᠴᠠᠭ ᠲᠤᠬᠠᠶ ᠳᠤᠨᠢ ᠠᠪᠴᠤ᠂ ᠡᠵᠡᠩᠨᠡᠨ ᠪᠣᠷᠣᠯᠠᠭᠤᠯᠬᠤ ᠦᠶ᠋ᠯᠡᠳᠬᠦᠨ ᠤ ᠬᠢᠷᠢ ᠲᠡᠩᠴᠡᠭᠰᠡᠨ ᠨᠢ ᠲᠣᠭᠲᠠᠭᠠᠯ ᠳᠤ ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃    ᠲᠠᠷᠠᠭᠠᠴᠢ ᠶᠢᠨ ᠠᠯᠬᠤᠮ ᠳᠤ᠂ ᠯᠢᠶᠠᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ︽ᠡᠷᠬᠢᠨ ᠬᠠᠷᠠᠬᠤ︾ ᠪᠠᠶᠢᠴᠠᠭᠠᠯᠲᠠ ᠥᠷᠨᠢᠭᠦᠯᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠤᠨ ᠵᠢᠷᠤᠮᠵᠢᠯ ᠲᠠᠢ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠵᠤ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠵᠤ᠂ ᠲᠣᠭᠲᠠᠭᠠᠯ ᠳᠤ ᠨᠡᠶᠢᠴᠡᠬᠦ ᠥᠬᠡᠶ ᠤᠶᠢᠯᠡᠳᠭᠦᠨ ᠤ ᠵᠠᠬ᠎ᠠ ᠳᠡᠯᠭᠡᠭᠦᠷ ᠲᠤ ᠣᠷᠣᠬᠤ ᠶᠢ ᠴᠢᠩᠭ᠎ᠠ ᠴᠠᠭᠠᠵᠠᠯᠠᠵᠤ᠂ ᠬᠠᠮᠢᠶ᠎ᠠ ᠪᠥᠬᠦᠶ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠨ᠎ᠡ᠃                                     ᠨᠠᠶᠢᠷᠠᠭᠤᠯᠤᠭᠴᠢ᠄   ᠶᠠᠩ  ᠿᠦᠢ ᠵᠧᠨ                                     ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2