ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠠᠮᠢ ᠠᠬᠤᠶ ᠶᠢᠨ ᠪᠠᠴᠢᠮ ᠪᠠᠶᠢᠳᠠᠯ ᠢ ᠠᠷᠭᠠᠴᠠᠵᠤ ᠤᠰᠤ ᠨᠥᠬᠦᠪᠥᠷᠢᠯᠡᠬᠦ ᠢᠨᠵᠧᠨᠧᠷᠢᠩ 2024 ᠣᠨ ᠤ ᠤᠰᠤ ᠨᠥᠬᠦᠪᠥᠷᠢᠯᠡᠬᠦ ᠤᠯᠠᠷᠢᠯ ᠢ ᠵᠢᠩᠬᠢᠨᠢ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2024/6/10
   ᠳᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠵᠤ ᠤᠰᠤ ᠨᠥᠬᠦᠪᠥᠷᠢᠯᠡᠬᠦ ᠢᠨᠵᠧᠨᠧᠷᠢᠩ ᠪᠣᠯ ᠳᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ᠂ ︽ᠭᠤᠷᠪᠠᠨ ᠳᠡᠰ ᠢᠶᠠᠷ ᠳᠠᠷᠤᠯᠲᠠ ᠥᠭᠬᠦ + ᠬᠤᠶᠠᠷ ᠳᠡᠰ ᠤᠨ ᠬᠦᠨᠳᠦ ᠶᠢᠨ ᠬᠦᠴᠦᠨ︾ ᠢᠶᠠᠷ ᠤᠰᠤ ᠳᠠᠮᠵᠢᠭᠤᠯᠬᠤ ᠠᠷᠭ᠎ᠠ ᠶᠢ ᠬᠡᠷᠡᠭᠯᠡᠵᠦ᠂ ᠬᠥᠬᠡᠬᠤᠲᠠ ᠶᠢᠨ ᠲᠣᠭᠲᠠᠬᠤ ᠰᠢᠶᠠᠨ᠂ ᠬᠤᠷᠢᠨᠭᠡᠷ ᠰᠢᠶᠠᠨ ᠵᠢᠴᠢ ᠤᠯᠠᠭᠠᠨᠴᠠᠪ ᠬᠤᠳᠠ ᠶᠢᠨ ᠯᠢᠶᠠᠩᠴᠧᠩ ᠰᠢᠶᠠᠨ ᠢ ᠰᠤᠨᠳᠠᠯᠠᠵᠤ᠂ ᠡᠴᠦᠰ ᠲᠡᠭᠡᠨ ᠭᠦᠩ ᠪᠠ ᠾᠧ ᠳᠤ ᠵᠠᠯᠭᠠᠭᠰᠠᠨ ᠤ ᠳᠠᠷᠠᠭ᠎ᠠ ᠳᠠᠭ᠎ᠠ ᠶᠢᠨ ᠨᠠᠭᠤᠷ ᠲᠤ ᠣᠷᠣᠵᠤ᠂ ᠰᠠᠪᠠ ᠭᠠᠵᠠᠷ ᠠᠯᠤᠰᠯᠠᠭᠰᠠᠨ ᠠᠮᠢ ᠠᠬᠤᠢ ᠶᠢᠨ ᠤᠰᠤ ᠨᠥᠬᠦᠪᠥᠷᠢᠯᠡᠬᠦ ᠢᠨᠵᠧᠨᠧᠷᠢᠩ ᠳᠤ ᠲᠣᠭᠠᠴᠠᠭᠳᠠᠨ᠎ᠠ᠃ 6 ᠰᠠᠷ᠎ᠠ ᠶᠢᠨ 1 ᠤ ᠡᠳᠦᠷ᠂ ᠢᠨᠵᠧᠨᠧᠷᠢᠩ ᠤᠨ ᠮᠡᠷᠭᠡᠵᠢᠯ ᠤᠨ ᠠᠵᠢᠯᠲᠠᠨ ᠤ ᠪᠠᠴᠢᠮ ᠪᠠᠶᠢᠴᠠᠭᠠᠨ ᠵᠠᠰᠠᠵᠤ ᠲᠤᠷᠰᠢᠨ ᠲᠣᠬᠢᠷᠠᠭᠤᠯᠬᠤ ᠪᠠᠷ ᠳᠡᠮᠵᠢᠨ᠂ ᠳᠠᠭ᠎ᠠ ᠶᠢᠨ ᠨᠠᠭᠤᠷ ᠤᠨ ᠠᠮᠢ ᠠᠬᠤᠶ ᠶᠢᠨ ᠪᠠᠴᠢᠮ ᠪᠠᠶᠢᠳᠠᠯ ᠢ ᠠᠷᠭᠠᠴᠠᠭᠠᠬᠤ ᠤᠰᠤ ᠨᠥᠬᠦᠪᠥᠷᠢᠯᠡᠬᠦ ᠢᠨᠵᠧᠨᠧᠷᠢᠩ ᠵᠢᠩᠬᠢᠨᠢ ᠪᠠᠷ ᠬᠠᠭᠠᠯᠲᠠ ᠪᠠᠨ ᠨᠡᠭᠡᠭᠡᠨ ᠤᠰᠤ ᠲᠣᠬᠢᠷᠠᠭᠤᠯᠵᠤ᠂ 2024 ᠣᠨ ᠤ ᠤᠰᠤ ᠨᠥᠬᠦᠪᠥᠷᠢᠯᠡᠬᠦ ᠤᠯᠠᠷᠢᠯ ᠢ ᠡᠬᠢᠯᠡᠭᠦᠯᠪᠡ᠃ ᠲᠣᠰ ᠤᠳᠠᠭᠠᠨ ᠤ ᠬᠠᠭᠠᠯᠲᠠ ᠶᠢ ᠨᠡᠭᠡᠭᠡᠵᠦ ᠤᠰᠤ ᠶᠢ ᠲᠣᠬᠢᠷᠠᠭᠤᠯᠬᠤ ᠨᠢ 2 ᠳᠤᠭᠤᠶᠢᠯᠠᠩ 24 ᠴᠠᠭ ᠲᠠᠰᠤᠷᠠᠯᠲᠠ ᠥᠬᠡᠶ ᠲᠤᠷᠰᠢᠨ ᠲᠣᠬᠢᠷᠠᠭᠤᠯᠵᠤ᠂ ᠬᠠᠲᠤᠨ ᠭᠤᠤᠯ ᠤᠨ ᠤᠰᠤ ᠶᠢ ᠲᠤᠨᠤᠮᠠᠯ ᠴᠥᠭᠦᠷᠥᠮ ᠳᠤ ᠲᠡᠳᠡᠨ ᠣᠷᠣᠭᠤᠯᠵᠤ᠂ ᠰᠢᠪᠠᠷ ᠲᠤᠨᠤᠮᠠᠯ ᠤᠨ ᠲᠤᠨᠤᠮᠠᠯ ᠪᠠ ᠦᠷᠭᠦᠯᠵᠢᠯᠡᠨ ᠳᠠᠷᠤᠯᠲᠠ ᠨᠡᠮᠡᠬᠦ ᠪᠠᠷ ᠳᠡᠮᠵᠢᠨ᠂ 134.24 ᠺᠢᠯᠣᠮᠧᠳ᠋ᠷ ᠤᠨ ᠤᠰᠤ ᠳᠠᠮᠵᠢᠭᠤᠯᠬᠤ ᠬᠤᠭᠤᠯᠠᠶ ᠪᠠᠷ᠂ ᠯᠢᠶᠠᠩᠴᠧᠩ ᠰᠢᠶᠠᠨ ᠤ ᠭᠦᠩ ᠪᠠ ᠾᠧ ᠭᠤᠤᠯ ᠤᠨ ᠤᠰᠤ ᠭᠠᠷᠭᠠᠬᠤ ᠠᠮᠠᠰᠠᠷ ᠲᠤ ᠬᠦᠷᠭᠡᠵᠦ᠂ ᠭᠤᠤᠯ ᠤᠨ ᠠᠮᠠᠰᠠᠷ ᠤᠨ ᠬᠠᠰᠢᠬᠤ ᠢᠨᠵᠧᠨᠧᠷᠢᠩ ᠢ ᠴᠡᠪᠡᠷᠰᠢᠭᠦᠯᠦᠭᠰᠡᠨ ᠤ ᠳᠠᠷᠠᠭ᠎ᠠ ᠳᠠᠭ᠎ᠠ ᠶᠢᠨ ᠨᠠᠭᠤᠷ ᠲᠤ ᠴᠢᠳᠬᠤᠨ᠎ᠠ᠃ 6 ᠰᠠᠷ᠎ᠠ ᠶᠢᠨ 5 ᠤ ᠡᠳᠦᠷ ᠪᠣᠯᠲᠠᠯ᠎ᠠ᠂ ᠳᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠵᠤ ᠤᠰᠤ ᠨᠥᠬᠦᠪᠥᠷᠢᠯᠡᠬᠦ ᠢᠨᠵᠧᠨᠧᠷᠢᠩ ᠨᠢᠭᠡᠨᠲᠡ 2800 ᠭᠠᠷᠤᠶ ᠲᠦᠮᠡᠨ ᠪᠣᠰᠤᠭ᠎ᠠ ᠳᠥᠷᠪᠡᠯᠵᠢᠨ ᠮᠧᠳ᠋ᠷ ᠤᠰᠤ ᠨᠥᠬᠦᠪᠥᠷᠢᠯᠡᠵᠦ᠂ ᠳᠠᠭ᠎ᠠ ᠶᠢᠨ ᠨᠠᠭᠤᠷ ᠤᠨ ᠭᠠᠳᠠᠷᠭᠤ ᠪᠠᠭᠠᠰᠬᠤ ᠶᠢ ᠪᠦᠲᠦᠮᠵᠢᠲᠡᠶ ᠬᠤᠷᠢᠭᠯᠠᠪᠠ᠃                           ᠤᠷᠴᠢᠭᠤᠯᠤᠭᠴᠢ᠄ ᠬᠦᠰᠡᠯ                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2