ᠯᠢᠶᠠᠩᠴᠧᠩ ᠰᠢᠶᠠᠨ ᠤ ᠰᠠᠭᠤᠭᠠᠯᠢ ᠠᠷᠠᠳ ᠤᠨ ᠠᠮᠢᠳᠤᠷᠠᠯ ᠤᠨ ᠤᠤᠭᠤᠬᠤ ᠤᠰᠤᠨ ᠤ ᠢᠣᠳ᠋ ᠤᠨ ᠠᠭᠤᠯᠤᠭᠳᠠᠴᠠ ᠶᠢ ᠪᠠᠶᠢᠴᠠᠭᠠᠬᠤ ᠠᠵᠢᠯ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2024/6/10
   ᠪᠥᠬᠦ ᠰᠢᠶᠠᠨ ᠤ ᠬᠠᠷᠢᠶ᠎ᠠ ᠣᠷᠣᠨ ᠤ ᠤᠤᠭᠤᠬᠤ ᠤᠰᠤ ᠶᠢᠨ ᠢᠣᠳ᠋ ᠤᠨ ᠠᠭᠤᠯᠤᠭᠳᠠᠴᠠ ᠶᠢᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠬᠦ ᠶᠢᠨ ᠲᠥᠯᠥᠭᠡ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠬᠤ᠂ ᠲᠥᠷᠥᠯ ᠬᠤᠪᠢᠶᠠᠨ ᠵᠢᠯᠣᠭᠤᠳᠬᠤ᠂ ᠰᠢᠨᠵᠢᠯᠡᠬᠦ ᠤᠬᠠᠭᠠᠨᠴᠢ ᠪᠠᠷ ᠢᠣᠳ᠋ ᠨᠥᠬᠦᠪᠥᠷᠢᠯᠡᠬᠦ ᠶᠢ ᠰᠡᠷᠭᠡᠶᠢᠯᠡᠨ ᠵᠠᠰᠠᠬᠤ ᠠᠷᠭ᠎ᠠ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ 5 ᠰᠠᠷ᠎ᠠ ᠶᠢᠨ ᠳᠤᠮᠳᠠᠴᠢ ᠠᠴᠠ ᠨᠠᠰᠢ᠂ ᠯᠢᠶᠠᠩᠴᠧᠩ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠵᠠᠰᠠᠭ ᠵᠠᠬᠢᠷᠭᠠᠨ ᠤ ᠲᠣᠰᠬᠤᠨ ᠢᠶᠠᠷ ᠨᠢᠭᠡᠴᠢ ᠪᠣᠯᠭᠠᠵᠤ᠂ ᠠᠮᠢᠳᠤᠷᠠᠯ ᠤᠨ ᠤᠤᠭᠤᠬᠤ ᠤᠰᠤ ᠵᠢᠨ‌ᠢᠣᠳ᠋ ᠤᠨ ᠠᠭᠤᠯᠤᠭᠳᠠᠴᠠ ᠶᠢ ᠪᠠᠶᠢᠴᠠᠭᠠᠬᠤ ᠠᠵᠢᠯ ᠢ ᠥᠷᠨᠢᠭᠦᠯᠪᠡ᠃    ᠲᠣᠰ ᠤᠳᠠᠭᠠᠨ ᠤ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠪᠦᠲᠦᠮᠵᠢᠲᠡᠶ ᠪᠠᠶᠢᠬᠤ ᠶᠢ ᠪᠠᠲᠤᠯᠠᠬᠤ ᠶᠢᠨ ᠲᠥᠯᠥᠭᠡ᠂ ᠯᠢᠶᠠᠩᠴᠧᠩ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠤᠰᠤᠨ ᠤ ᠢᠣᠳ᠋ ᠤᠨ ᠠᠭᠤᠯᠤᠭᠳᠠᠴᠠ ᠶᠢᠨ ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠵᠤ᠂ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠰᠣᠩᠭᠤᠨ ᠲᠣᠮᠢᠯᠠᠵᠤ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠲᠤ ᠣᠴᠢᠭᠤᠯᠤᠨ ᠪᠣᠯᠪᠠᠰᠤᠷᠠᠭᠤᠯᠵᠤ ᠰᠤᠷᠤᠯᠴᠠᠭᠤᠯᠵᠤ᠂ ᠪᠠᠶᠢᠴᠠᠭᠠᠯᠲᠠ ᠶᠢᠨ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠠᠵᠢᠯᠯᠠᠭᠠᠨ ᠤ ᠶᠠᠪᠤᠴᠠ ᠶᠢ ᠵᠢᠷᠤᠮᠵᠢᠭᠤᠯᠤᠨ ᠬᠡᠷᠡᠭᠵᠢᠭᠦᠯᠵᠦ᠂ ᠠᠮᠢᠳᠤᠷᠠᠯ ᠤᠨ ᠤᠤᠭᠤᠬᠤ ᠤᠰᠤᠨ ᠤ ᠢᠣᠳ᠋ ᠤᠨ ᠠᠭᠤᠯᠤᠭᠳᠠᠴᠠ ᠶᠢᠨ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠪᠠ᠃ 5 ᠰᠠᠷ᠎ᠠ ᠶᠢᠨ 15 ᠤ ᠡᠳᠦᠷ ᠠᠴᠠ ᠡᠬᠢᠯᠡᠨ᠂ 6 ᠲᠤᠬᠠᠶᠢᠯᠠᠭᠰᠠᠨ ᠠᠵᠢᠯ ᠤᠨ ᠠᠵᠢᠯᠲᠠᠨ ᠲᠣᠮᠢᠯᠠᠵᠤ᠂ ᠪᠦᠬᠦ ᠰᠢᠶᠠᠨ ᠤ 8 ᠰᠢᠶᠠᠩ ᠪᠠᠯᠭᠠᠰᠤᠨ ᠤ 130 ᠭᠠᠷᠤᠶ ᠵᠠᠰᠠᠭ ᠵᠠᠬᠢᠷᠭᠠᠨ ᠤ ᠲᠣᠰᠬᠤᠨ ᠳᠤ ᠠᠮᠢᠳᠤᠷᠠᠯ ᠤᠨ ᠤᠤᠭᠤᠬᠤ ᠤᠰᠤ ᠪᠠ ᠢᠣᠳ᠋ ᠤᠨ ᠦᠯᠢᠭᠡᠷ ᠡᠳ᠋ ᠴᠤᠭᠯᠠᠭᠤᠯᠵᠤ᠂ ᠣᠳᠣᠬᠠᠨ ᠳᠤ ᠤᠰᠤᠨ ᠤ ᠦᠯᠢᠭᠡᠷ ᠶᠠᠩᠵᠤ ᠠᠪᠬᠤ᠂ ᠪᠠᠶᠢᠴᠠᠭᠠᠨ ᠰᠢᠯᠭᠠᠬᠤ ᠠᠵᠢᠯ ᠶᠠᠭ ᠪᠠᠴᠢᠮ ᠶᠠᠭᠠᠷᠠᠯᠲᠠᠶ ᠪᠥᠭᠡᠳ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃    ᠤᠰᠤᠨ ᠤ ᠦᠯᠢᠭᠡᠷ ᠤᠨ ᠪᠠᠶᠢᠴᠠᠭᠠᠯᠲᠠ ᠳᠤᠮᠳᠠ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠠᠵᠢᠯᠲᠠᠨ ᠶᠠᠳᠠᠷᠠᠬᠤ ᠠᠴᠠ ᠠᠶᠤᠬᠤ ᠥᠬᠡᠶ᠂ ᠦᠷᠭᠦᠯᠵᠢᠯᠡᠨ ᠲᠡᠮᠡᠴᠡᠵᠦ᠂ ᠲᠥᠰᠦᠯ ᠤᠨ ᠱᠠᠭᠠᠷᠳᠠᠯᠭ᠎ᠠ ᠶᠣᠰᠣᠭᠠᠷ᠂ ᠪᠠᠶᠢᠴᠠᠭᠠᠯᠲᠠ ᠶᠢᠨ ᠠᠵᠢᠯ ᠤᠨ ᠠᠬᠢᠴᠠ ᠶᠢ ᠢᠳᠡᠪᠬᠢᠲᠡᠶ ᠳᠥᠯᠭᠢᠨ ᠠᠬᠢᠭᠤᠯᠵᠤ᠂ ᠣᠳᠣᠬᠠᠨ ᠳᠤ ᠪᠣᠯᠲᠠᠯ᠎ᠠ ᠨᠢᠭᠡᠨᠲᠡ ᠬᠠᠷᠢᠶ᠎ᠠ ᠣᠷᠣᠨ ᠤ 4 ᠰᠢᠶᠠᠩ ᠪᠠᠯᠭᠠᠰᠤᠨ ᠤ 32 ᠵᠠᠰᠠᠭ ᠵᠠᠬᠢᠷᠭᠠᠨ ᠤ ᠲᠣᠰᠬᠤᠨ ᠤ 210 ᠬᠤᠪᠢ ᠤᠰᠤᠨ ᠤ ᠥᠯᠢᠭᠡᠷ ᠠᠪᠬᠤ ᠶᠢ ᠪᠡᠶᠡᠯᠡᠭᠦᠯᠦᠭᠰᠡᠨ ᠪᠥᠭᠡᠳ ᠴᠠᠭ ᠲᠤᠬᠠᠶ ᠳᠤᠨᠢ ᠲᠤᠷᠰᠢᠯᠲᠠ ᠶᠢᠨ ᠲᠠᠰᠤᠭ ᠲᠤ ᠬᠦᠷᠭᠡᠵᠦ ᠪᠠᠶᠢᠴᠠᠭᠠᠨ ᠬᠡᠮᠵᠢᠯᠲᠡ ᠬᠢᠪᠡ᠃    ᠲᠣᠰ ᠤᠳᠠᠭᠠᠨ ᠤ ᠠᠮᠢᠳᠤᠷᠠᠯ ᠤᠨ ᠤᠤᠭᠤᠬᠤ ᠤᠰᠤᠨ ᠤ ᠢᠣᠳ᠋ ᠤᠨ ᠠᠭᠤᠯᠤᠭᠳᠠᠴᠠ ᠶᠢᠨ ᠪᠠᠶᠢᠴᠠᠭᠠᠯᠲᠠ ᠶᠢ ᠥᠷᠨᠢᠭᠦᠯᠬᠦ ᠪᠠᠷ ᠳᠠᠮᠵᠢᠭᠤᠯᠤᠨ᠂ ᠪᠥᠬᠦ ᠰᠢᠶᠠᠨ ᠤ ᠡᠯ᠎ᠡ ᠰᠢᠶᠠᠩ ᠪᠠᠯᠭᠠᠰᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠤᠤᠭᠤᠬᠤ ᠤᠰᠤᠨ ᠤ ᠢᠣᠳ᠋ ᠤᠨ ᠠᠭᠤᠯᠤᠭᠳᠠᠴᠠ ᠶᠢ ᠪᠠᠶᠢᠴᠠᠭᠠᠨ ᠲᠣᠳᠣᠯᠠᠵᠤ᠂ ᠠᠮᠢᠳᠤᠷᠠᠯ ᠤᠨ ᠤᠤᠭᠤᠬᠤ ᠤᠰᠤᠨ ᠤ ᠢᠣᠳ᠋ ᠤᠨ ᠠᠭᠤᠯᠤᠭᠳᠠᠴᠠ ᠶᠢᠨ ᠲᠠᠷᠬᠠᠯᠲᠠ ᠶᠢᠨ ᠵᠢᠷᠤᠭ ᠢ ᠵᠢᠷᠤᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠬᠠᠨᠳᠤᠯᠭᠠᠲᠤ ᠴᠢᠨᠠᠷᠲᠠᠶ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠠᠪᠬᠤ ᠪᠠ ᠭᠠᠷ ᠲᠦᠷᠦᠭᠦ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠳᠤ ᠦᠨᠳᠦᠰᠦᠯᠡᠯ ᠬᠠᠩᠭᠠᠵᠤ᠂ ᠪᠡᠶ᠎ᠡ ᠮᠠᠬᠠᠪᠤᠳ ᠤᠨ ᠢᠣᠳ᠋ ᠤᠨ ᠰᠢᠮ᠎ᠡ ᠲᠡᠵᠢᠭᠡᠯ ᠤᠨ ᠬᠡᠷᠡᠭᠴᠡᠭᠡ ᠶᠢ ᠤᠯᠠᠮ ᠨᠢᠭᠡ ᠠᠯᠬᠤᠮ ᠪᠠᠲᠤᠯᠠᠵᠤ᠂ ᠥᠷᠭᠡᠨ ᠣᠯᠠᠨ ᠲᠦᠮᠡᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠠᠬᠢᠭᠤᠯᠤᠨ᠎ᠠ᠃                                                      ᠨᠠᠶᠢᠷᠠᠭᠤᠯᠤᠭᠴᠢ᠄  ᠯᠢ ᠬᠤᠩ ᠢᠦᠢ                                                        ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2