2024 ᠣᠨ ᠤ ᠴᠡᠷᠢᠭ ᠠᠩᠭᠢ ᠶᠢᠨ ᠳᠡᠭᠡᠳᠦ ᠰᠤᠷᠭᠠᠭᠤᠯᠢ ᠶᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠢ ᠡᠯᠰᠡᠬᠦ ᠤᠯᠤᠰ ᠲᠥᠷᠥ ᠶᠢᠨ ᠬᠢᠨᠠᠨ ᠰᠢᠯᠭᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/6/10
  ᠮᠠᠨ ᠤ ᠣᠷᠣᠨ ᠤ 2024 ᠣᠨ ᠤ ᠴᠡᠷᠢᠭ ᠠᠩᠭᠢ ᠶᠢᠨ ᠳᠡᠭᠡᠳᠦ ᠰᠤᠷᠭᠠᠭᠤᠯᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠢ ᠡᠯᠰᠡᠬᠦ ᠤᠯᠤᠰ ᠲᠥᠷᠥ ᠶᠢᠨ ᠰᠢᠯᠭᠠᠨ ᠬᠢᠨᠠᠬᠤ ᠠᠵᠢᠯ ᠢ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠲᠣᠳᠣᠷᠬᠠᠶᠢᠯᠠᠪᠠ᠃    ᠨᠢᠭᠡ᠂ ᠰᠢᠯᠭᠠᠨ ᠬᠢᠨᠠᠭᠳᠠᠬᠤ ᠡᠲᠡᠭᠡᠳ    ᠤᠯᠤᠰ ᠲᠥᠷᠥ ᠶᠢᠨ ᠬᠢᠨᠠᠨ ᠰᠢᠯᠭᠠᠭᠳᠠᠭᠴᠢ ᠪᠣᠯ ᠰᠠᠶᠢᠨ ᠳᠤᠷ᠎ᠠ ᠠᠴᠠ ᠪᠠᠨ ᠴᠡᠷᠢᠭ ᠠᠩᠭᠢ ᠶᠢᠨ ᠳᠡᠭᠡᠳᠦ ᠰᠤᠷᠭᠠᠭᠤᠯᠢ ᠳᠤ ᠰᠢᠯᠭᠠᠭᠤᠯᠬᠤ ᠰᠢᠯᠭᠠᠭᠤᠯᠤᠬᠰᠠᠳ ᠪᠣᠯᠤᠨ᠎ᠠ᠃ ᠦᠨᠳᠦᠰᠦᠨ ᠨᠥᠬᠦᠴᠡᠯ᠄ ① 2024 ᠣᠨ ᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠳᠤ ᠣᠷᠣᠯᠴᠠᠬᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠳᠤ ᠣᠷᠣᠯᠴᠠᠬᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ︔ ② ᠤᠷᠤᠭᠯᠠᠭᠠᠳᠤᠢ ᠨᠠᠰᠤ ᠨᠢ ᠪᠦᠬᠦᠯᠢ 16 ᠨᠠᠰᠤᠨ ᠠᠴᠠ ᠳᠣᠣᠷ᠎ᠠ ᠪᠠᠶᠢᠵᠤ ᠪᠣᠯᠬᠤ ᠥᠬᠡᠶ᠂ 20 ᠪᠦᠬᠦᠯᠢ ᠨᠠᠰᠤᠨ ᠠᠴᠠ ᠬᠡᠲᠦᠷᠡᠬᠦ ᠥᠬᠡᠶ ︵2024 ᠣᠨ ᠤ 8 ᠰᠠᠷ᠎ᠠ ᠶᠢᠨ 31 ᠤ ᠡᠳᠦᠷ ᠪᠣᠯᠲᠠᠯ᠎ᠠ︶︔ ③ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠪᠡᠶ᠎ᠡ ᠮᠠᠬᠠᠪᠣᠳ ᠤᠨ ᠰᠢᠯᠭᠠᠯᠲᠠ ᠶᠢᠨ ᠬᠢᠷᠢ ᠪᠦᠲᠦᠮᠵᠢ ᠨᠢ ᠬᠢᠷᠢ ᠲᠡᠩᠴᠡᠭᠰᠡᠨ ᠪᠠᠶᠢᠨ᠎ᠠ᠃    ᠬᠤᠶᠠᠷ᠂ ᠰᠢᠯᠭᠠᠨ ᠬᠢᠨᠠᠬᠤ ᠠᠭᠤᠯᠭ᠎ᠠ ᠪᠠ ᠦᠨᠳᠦᠰᠦᠯᠡᠯ    ᠤᠯᠤᠰ ᠲᠥᠷᠥ ᠶᠢᠨ ᠬᠢᠨᠠᠨ ᠰᠢᠯᠭᠠᠯᠲᠠ ᠨᠢ ᠭᠤᠤᠯᠳᠠᠭᠤ ᠰᠢᠯᠭᠠᠭᠤᠯᠤᠭᠴᠢ ᠶᠢᠨ ᠲᠣᠰ ᠬᠥᠮᠦᠨ ᠤ ᠤᠯᠤᠰ ᠲᠥᠷᠥ ᠦᠵᠡᠯ ᠰᠠᠨᠠᠭᠠᠨ ᠤ ᠢᠯᠡᠷᠡᠯ ᠵᠢᠴᠢ ᠲᠥᠷᠥᠯ ᠰᠠᠳᠤᠨ ᠤ ᠤᠯᠤᠰ ᠲᠥᠷᠥ ᠶᠢᠨ ᠠᠬᠤᠶ ᠪᠠᠶᠢᠳᠠᠯ ᠪᠠ ᠬᠠᠤᠯᠢ ᠠᠴᠠ ᠵᠥᠷᠢᠴᠡᠨ ᠶᠠᠯ᠎ᠠ ᠬᠢᠭᠰᠡᠨ ᠵᠡᠷᠭᠡ ᠪᠠᠶᠢᠳᠠᠯ ᠢ ᠬᠢᠨᠠᠨ ᠰᠢᠯᠭᠠᠨ᠎ᠠ᠃ ᠪᠣᠳᠠᠲᠠᠶ ᠪᠠᠷᠢᠮᠵᠢᠶ᠎ᠠ ᠶᠢ ︽ᠴᠡᠷᠢᠭ ᠠᠩᠭᠢ ᠴᠤᠭᠯᠠᠭᠤᠯᠬᠤ ᠪᠠ ᠡᠯᠰᠡᠨ ᠬᠡᠷᠡᠭᠯᠡᠬᠦ ᠠᠵᠢᠯᠲᠠᠨ ᠤ ᠤᠯᠤᠰ ᠲᠥᠷᠥ ᠶᠢᠨ ᠰᠢᠯᠭᠠᠨ ᠬᠢᠨᠠᠬᠤ ᠲᠣᠭᠲᠠᠭᠠᠯ︾ ᠤᠨ ᠶᠣᠰᠣᠭᠠᠷ ᠬᠡᠷᠡᠭᠵᠢᠭᠦᠯᠦᠨ᠎ᠡ᠃    ᠭᠤᠷᠪᠠ᠂ ᠵᠣᠬᠢᠶᠠᠨ ᠪᠠᠶᠢᠭᠤᠯᠤᠯᠲᠠ ᠶᠢᠨ ᠳᠡᠰ ᠳᠠᠷᠠᠭᠠᠯᠠᠯ    ︵ᠨᠢᠭᠡ  ︶ ᠤᠯᠤᠰ ᠲᠥᠷᠥ ᠶᠢᠨ ᠬᠢᠨᠠᠨ ᠰᠢᠯᠭᠠᠬᠤ ᠬᠦᠰᠦᠨᠦᠭᠲᠦ ᠶᠢ ᠲᠠᠭᠯᠠᠨ᠎ᠠ᠃ 6  ᠰᠠᠷ᠎ᠠ ᠶᠢᠨ 13 ᠤ ᠡᠳᠦᠷ ᠠᠴᠠ ᠡᠮᠦᠨ᠎ᠡ᠂ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠣᠬᠢᠶᠠᠨ ᠪᠠᠶᠢᠭᠤᠯᠤᠯᠲᠠ ᠨᠢ ᠴᠡᠷᠢᠭ ᠠᠩᠭᠢ ᠶᠢᠨ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠬᠤ ᠬᠦᠰᠡᠯ ᠲᠠᠢ ᠰᠢᠯᠭᠠᠭᠤᠯᠤᠭᠴᠢ ︽ᠡᠯᠰᠡᠬᠦ ᠪᠠ ᠡᠯᠰᠡᠭᠳᠡᠭᠰᠡᠳ ᠤᠨ ᠤᠯᠤᠰ ᠲᠥᠷᠥ ᠶᠢᠨ ᠬᠢᠨᠠᠨ ᠰᠢᠯᠭᠠᠬᠤ ᠬᠦᠰᠦᠨᠦᠭᠲᠦ︾ ︵ᠳᠣᠷᠣᠭᠰᠢ ᠤᠯᠤᠰ ᠲᠥᠷᠥ ᠶᠢᠨ ᠬᠢᠨᠠᠨ ᠰᠢᠯᠭᠠᠬᠤ ᠬᠦᠰᠦᠨᠦᠭᠲᠦ ᠭᠡᠵᠦ ᠲᠣᠪᠴᠢᠯᠠᠨ᠎ᠠ︶ ᠶᠢ ᠲᠠᠭᠯᠠᠵᠤ᠂ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠳᠤ ᠮᠡᠳᠡᠭᠦᠯᠦᠨ ᠬᠦᠷᠭᠡᠵᠦ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠨᠢ ᠤᠯᠤᠰ ᠲᠥᠷᠥ ᠶᠢᠨ ᠬᠢᠨᠠᠨ ᠰᠢᠯᠭᠠᠬᠤ ᠡᠲᠡᠭᠡᠳ ᠤᠨ ᠨᠡᠷᠡᠰ  ᠪᠠ ᠤᠯᠤᠰ ᠲᠥᠷᠥ ᠶᠢᠨ ᠬᠢᠨᠠᠨ ᠰᠢᠯᠭᠠᠬᠤ ᠬᠦᠰᠦᠨᠦᠭᠲᠦ ᠶᠢ ᠪᠠᠶᠢᠭ᠎ᠠ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ ᠮᠡᠳᠡᠭᠦᠯᠦᠨ ᠬᠦᠷᠭᠡᠨ᠎ᠡ᠃ ᠰᠢᠯᠭᠠᠭᠤᠯᠤᠭᠴᠢ ︽ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ︾ ︵https://www.nm.zsks.cn︶ ᠳᠤ ᠣᠷᠣᠵᠤ ᠤᠯᠤᠰ ᠲᠥᠷᠥ ᠶᠢᠨ ᠬᠢᠨᠠᠨ ᠰᠢᠯᠭᠠᠬᠤ ᠬᠦᠰᠦᠨᠦᠭᠲᠦ ᠶᠢ ᠪᠠᠭᠤᠯᠭᠠᠨ ᠠᠪᠴᠤ᠂ ᠲᠣᠳᠣᠷᠬᠠᠶᠢᠯᠠᠯᠲᠠ ᠶᠣᠰᠣᠭᠠᠷ ᠬᠤᠪᠢ ᠬᠥᠮᠦᠨ ᠤ ᠦᠨᠳᠦᠰᠦᠨ ᠮᠡᠳᠡᠭᠡ ᠵᠠᠩᠭᠢ ᠶᠢ ᠦᠨᠡᠨ ᠪᠣᠳᠠᠲᠠᠶ ᠪᠠᠷ ᠲᠠᠭᠯᠠᠨ ᠪᠢᠴᠢᠬᠦ ᠶᠢᠨ ᠬᠠᠮᠲᠤ ᠲᠣᠰ ᠬᠦᠰᠦᠨᠦᠭᠲᠦ ︵ᠳᠠᠭᠠᠯᠳᠤᠭᠤᠯᠤᠯ 1. 100gA3 ᠴᠠᠭᠠᠰᠤ ᠪᠠᠷ ᠨᠤᠭᠤᠯᠵᠤ ᠨᠤᠭᠤᠯᠤᠨ ᠪᠣᠳᠣᠵᠤ᠂ ᠲᠣᠳᠣᠷᠬᠠᠶᠢᠯᠠᠯᠲᠠ ᠳᠤ ᠳᠠᠷᠤᠮᠠᠯᠯᠠᠬᠤ ᠴᠢᠬᠤᠯᠠ ᠦᠭᠡᠢ︶ ᠶᠢ ᠳᠠᠷᠤᠮᠠᠯᠯᠠᠵᠤ᠂ ᠰᠢᠯᠭᠠᠭᠤᠯᠤᠭᠴᠢ ᠶᠢᠨ ᠲᠣᠰ ᠬᠥᠮᠦᠨ ᠨᠢ ᠬᠠᠷᠭᠤᠭᠤᠯᠵᠤ ᠲᠠᠰᠢᠶ᠎ᠠ ᠦᠭᠡᠢ ᠪᠠᠶᠢᠪᠠᠯ ᠭᠠᠷ ᠤᠨ ᠥᠰᠥᠭ ᠵᠢᠷᠤᠨ᠎ᠠ᠃ ᠰᠤᠷᠭᠠᠭᠤᠯᠢ ᠶᠢᠨ ᠭᠠᠳᠠᠨᠠᠬᠢ ᠰᠢᠯᠭᠠᠭᠤᠯᠤᠭᠰᠠᠳ 6 ᠰᠠᠷ᠎ᠠ ᠶᠢᠨ 13 ᠤ ᠡᠳᠦᠷ ᠠᠴᠠ ᠡᠮᠦᠨ᠎ᠡ ︽ᠡᠯᠰᠡᠬᠦ ᠪᠠ ᠡᠯᠰᠡᠭᠳᠡᠭᠰᠡᠳ ᠤᠨ ᠤᠯᠤᠰ ᠲᠥᠷᠥ ᠶᠢᠨ ᠬᠢᠨᠠᠨ ᠰᠢᠯᠭᠠᠬᠤ ᠬᠦᠰᠦᠨᠦᠭᠲᠦ︾ ᠶᠢ ᠥᠪᠡᠷᠲᠡᠭᠡᠨ ᠪᠠᠭᠤᠯᠭᠠᠬᠤ᠂ ᠲᠠᠭᠯᠠᠵᠤ᠂ ᠳᠠᠷᠤᠮᠠᠯᠯᠠᠭᠰᠠᠨ ᠤ ᠳᠠᠷᠠᠭ᠎ᠠ ᠨᠡᠷ᠎ᠡ ᠮᠡᠳᠡᠭᠦᠯᠦᠭᠰᠡᠨ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ ︶ ᠳᠤ ᠲᠤᠰᠢᠶᠠᠨ᠎ᠠ᠃︶ ᠠᠷᠠᠳ ᠤᠨ ᠵᠡᠪᠰᠡᠭᠲᠦ ᠬᠦᠴᠦᠨ ᠤ ᠬᠡᠯᠲᠡᠰ᠃ ᠬᠤᠪᠢ ᠬᠥᠮᠦᠨ ᠤ ᠮᠡᠳᠡᠭᠡ ᠵᠠᠩᠭᠢ ᠶᠢ ᠪᠠᠯᠠᠯᠤᠨ ᠥᠭᠡᠷᠡᠴᠢᠯᠡᠵᠦ ᠪᠣᠯᠬᠤ ᠥᠬᠡᠶ᠂ ᠦᠨᠡᠨ ᠪᠣᠳᠠᠲᠠᠶ ᠪᠤᠰᠤ ᠪᠤᠶᠤ ᠪᠤᠷᠤᠭᠤ ᠪᠠᠶᠢᠳᠠᠯ ᠢ ᠰᠢᠯᠭᠠᠭᠰᠠᠳ ᠬᠤᠪᠢ ᠬᠥᠮᠦᠨ ᠬᠠᠷᠢᠭᠤᠴᠠᠨ᠎ᠠ᠃    ︵ᠬᠤᠶᠠᠷ︶ ᠤᠯᠤᠰ ᠲᠥᠷᠥ ᠶᠢᠨ ᠬᠢᠨᠠᠨ ᠰᠢᠯᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ 6 ᠰᠠᠷ᠎ᠠ ᠶᠢᠨ 23 ᠤ ᠡᠳᠦᠷ ᠠᠴᠠ ᠡᠮᠦᠨ᠎ᠡ᠂ ᠬᠤᠰᠢᠭᠤ ᠰᠢᠶᠠᠨ ︵ᠬᠤᠲᠠ᠂ ᠲᠣᠭᠤᠷᠢᠭ︶︶ ᠠᠷᠠᠳ ᠤᠨ ᠵᠡᠪᠰᠡᠭᠲᠦ ᠬᠦᠴᠦᠨ ᠤ ᠬᠡᠯᠲᠡᠰ ᠨᠢ ᠠᠯᠪᠠᠨ ᠵᠢᠷᠤᠮ ᠤᠨ ᠴᠡᠷᠢᠭ ᠤᠨ ᠤᠯᠤᠰ ᠲᠥᠷᠥ ᠶᠢᠨ ᠬᠢᠨᠠᠨ ᠰᠢᠯᠭᠠᠬᠤ ᠳᠡᠰ ᠳᠠᠷᠠᠭᠠᠯᠠᠯ ᠤᠨ ᠶᠣᠰᠣᠭᠠᠷ ᠠᠳᠠᠯᠢ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠬᠠᠮᠲᠤᠷᠠᠨ ᠬᠢᠨᠠᠨ ᠰᠢᠯᠭᠠᠬᠤ ᠡᠲᠡᠭᠡᠳ ᠲᠤ ᠤᠯᠤᠰ ᠲᠥᠷᠥ ᠶᠢᠨ ᠬᠢᠨᠠᠨ ᠰᠢᠯᠭᠠᠯᠲᠠ ᠬᠢᠵᠦ᠂ ᠰᠢᠶᠠᠨ ᠤ ᠱᠠᠲᠤᠨ ᠤ ᠴᠡᠷᠢᠭ ᠡᠯᠰᠡᠬᠦ ᠠᠯᠪᠠᠨ ᠭᠡᠷ ᠤᠨ ᠤᠯᠤᠰ ᠲᠥᠷᠥ ᠶᠢᠨ ᠬᠢᠨᠠᠨ ᠰᠢᠯᠭᠠᠬᠤ ᠳᠤᠭᠤᠶᠢᠯᠠᠩ ᠠᠴᠠ ᠤᠯᠤᠰ ᠲᠥᠷᠥ ᠶᠢᠨ ᠬᠢᠨᠠᠨ ᠰᠢᠯᠭᠠᠯᠲᠠ ᠶᠢᠨ ᠲᠤᠰᠬᠠᠶ ᠲᠠᠮᠠᠭ᠎ᠠ ᠳᠠᠷᠤᠬᠤ ᠶᠢᠨ ᠬᠠᠮᠲᠤ ᠤᠯᠤᠰ ᠲᠥᠷᠥ ᠶᠢᠨ ᠬᠢᠨᠠᠨ ᠰᠢᠯᠭᠠᠯᠲᠠ ᠶᠢᠨ ᠲᠤᠰᠬᠠᠶ ᠲᠠᠮᠠᠭ᠎ᠠ ᠶᠢ ᠳᠠᠷᠤᠨ᠎ᠠ᠃ ᠴᠡᠷᠢᠭ ᠠᠩᠭᠢ ᠶᠢᠨ ᠳᠡᠭᠡᠳᠦ ᠰᠤᠷᠭᠠᠭᠤᠯᠢ ᠳᠤ ᠨᠡᠷ᠎ᠡ ᠮᠡᠳᠡᠭᠦᠯᠬᠦ ᠪᠠᠷ ᠪᠠᠶᠢᠭ᠎ᠠ ᠤᠯᠤᠰ ᠲᠥᠷᠥ ᠶᠢᠨ ᠨᠥᠬᠦᠴᠡᠯ ᠤᠨ ᠣᠨᠴᠠᠭᠠᠶ ᠲᠤᠰᠬᠠᠶ ᠮᠡᠷᠭᠡᠵᠢᠯ ᠢ ᠱᠠᠭᠠᠷᠳᠠᠭᠰᠠᠨ ᠰᠢᠯᠭᠠᠭᠤᠯᠤᠭᠴᠢ ᠪᠠᠰᠠ ᠲᠣᠭᠲᠠᠭᠠᠯ ᠶᠣᠰᠣᠭᠠᠷ ᠰᠤᠷᠪᠤᠯᠵᠢᠯᠠᠨ ᠪᠠᠶᠢᠴᠠᠭᠠᠵᠤ᠂ ᠪᠣᠳᠠᠲᠠᠶ ᠴᠠᠭ᠂ ᠰᠤᠷᠪᠤᠯᠵᠢᠯᠠᠬᠤ ᠡᠲᠡᠭᠡᠳ ᠢ ᠠᠰ ᠲᠤᠨᠢ ᠮᠡᠳᠡᠭᠳᠡᠬᠦ ᠬᠡᠷᠡᠭᠲᠡᠶ᠃    ︵ᠭᠤᠷᠪᠠ ︶ ᠤᠯᠤᠰ ᠲᠥᠷᠥ ᠶᠢᠨ ᠬᠢᠨᠠᠨ ᠰᠢᠯᠭᠠᠭᠰᠠᠨ ᠪᠠᠶᠢᠳᠠᠯ ᠢᠶᠠᠨ ᠬᠠᠷᠢᠭᠤ ᠲᠤᠰᠬᠠᠬᠤ ᠬᠡᠷᠡᠭᠲᠡᠶ᠃ 6 ᠰᠠᠷ᠎ᠠ ᠶᠢᠨ 25 ᠤ ᠡᠳᠦᠷ ᠠᠴᠠ ᠡᠮᠦᠨ᠎ᠡ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠴᠠ ᠰᠢᠯᠭᠠᠭᠤᠯᠤᠭᠴᠢ ᠶᠢᠨ ᠤᠯᠤᠰ ᠲᠥᠷᠥ ᠶᠢᠨ ᠬᠢᠨᠠᠨ ᠰᠢᠯᠭᠠᠬᠤ ᠬᠦᠰᠦᠨᠦᠭᠲᠦ ᠪᠠ ᠤᠯᠤᠰ ᠲᠥᠷᠥ ᠶᠢᠨ ᠬᠢᠨᠠᠨ ᠰᠢᠯᠭᠠᠭᠰᠠᠨ ᠪᠠᠶᠢᠳᠠᠯ  ᠢ ᠴᠡᠷᠢᠭ ᠤᠨ ᠬᠤᠪᠢᠶᠠᠷᠢ ᠲᠣᠭᠤᠷᠢᠭ ︵ᠰᠡᠷᠭᠡᠶᠢᠯᠡᠯᠲᠡ ᠶᠢᠨ ᠲᠣᠭᠤᠷᠢᠭ ︶ ᠤᠨ ᠳᠠᠶᠢᠴᠢᠯᠠᠯᠲᠠ ᠶᠢᠨ ᠭᠠᠵᠠᠷ᠂ ᠡᠯ᠎ᠡ ᠴᠡᠷᠢᠭ ᠤᠨ ᠬᠤᠪᠢᠶᠠᠷᠢ ᠲᠣᠭᠤᠷᠢᠭ ︵ᠰᠡᠷᠭᠡᠶᠢᠯᠡᠯᠲᠡ ᠶᠢᠨ ᠲᠣᠭᠤᠷᠢᠭ︶ ᠤᠨ ᠳᠠᠶᠢᠴᠢᠯᠠᠯᠲᠠ ᠶᠢᠨ ᠭᠠᠵᠠᠷ ᠢ ᠬᠤᠷᠢᠶᠠᠩᠭᠤᠶᠢᠯᠠᠨ ᠳᠡᠭᠡᠭᠰᠢ ᠮᠡᠳᠡᠭᠦᠯᠵᠦ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠢᠯᠭᠠᠭᠤᠯᠤᠭᠴᠢ ᠶᠢᠨ ᠤᠯᠤᠰ ᠲᠥᠷᠥ ᠶᠢᠨ ᠬᠢᠨᠠᠨ ᠰᠢᠯᠭᠠᠭᠰᠠᠨ ᠪᠠᠶᠢᠳᠠᠯ  ᠢ ᠬᠤᠷᠢᠶᠠᠩᠭᠤᠶᠢᠯᠠᠭᠰᠠᠨ ᠤ ᠳᠠᠷᠠᠭ᠎ᠠ᠂ ᠴᠡᠷᠢᠭ ᠤᠨ ᠲᠣᠭᠤᠷᠢᠭ ᠤᠨ ᠳᠠᠶᠢᠴᠢᠯᠠᠯᠲᠠ ᠶᠢᠨ ᠲᠣᠪᠴᠢᠶ᠎ᠠ ᠳᠤ ᠮᠡᠳᠡᠭᠦᠯᠦᠨ᠎ᠡ ᠃ ᠰᠢᠯᠭᠠᠭᠤᠯᠤᠭᠴᠢ ᠶᠢᠨ ᠤᠯᠤᠰ ᠲᠥᠷᠥ ᠶᠢᠨ ᠬᠢᠨᠠᠨ ᠰᠢᠯᠭᠠᠬᠤ ᠬᠦᠰᠦᠨᠦᠭᠲᠦ ᠶᠢ ᠡᠯ᠎ᠡ ᠴᠡᠷᠢᠭ ᠤᠨ ᠬᠤᠪᠢᠶᠠᠷᠢ ᠲᠣᠭᠤᠷᠢᠭ ︵ᠰᠡᠷᠭᠡᠶᠢᠯᠡᠯᠲᠡ ᠶᠢᠨ ᠲᠣᠭᠤᠷᠢᠭ︶︶ ᠠᠵᠢᠯᠲᠠᠳ ᠲᠤᠬᠠᠢ ᠶᠢᠨ ᠡᠳᠦᠷ ᠲᠤ ᠨᠢᠭᠤᠷᠳᠠᠨ ᠰᠢᠯᠭᠠᠬᠤ ᠲᠤᠬᠠᠢ ᠶᠢᠨ ᠲᠠᠯᠠᠪᠠᠢ ᠳᠤ ᠬᠦᠷᠴᠦ ᠢᠷᠡᠪᠡ᠃ ᠤᠯᠤᠰ ᠲᠥᠷᠥ ᠶᠢᠨ ᠬᠢᠨᠠᠨ ᠰᠢᠯᠭᠠᠯᠲᠠ ᠶᠢᠨ ᠳ᠋ᠦᠩᠨᠡᠯᠲᠡ ᠳᠤ ᠬᠢᠷᠢ ᠲᠡᠩᠴᠡᠭᠰᠡᠨ ᠥᠬᠡᠶ ᠰᠢᠯᠭᠠᠭᠤᠯᠤᠭᠴᠢ ᠨᠢᠭᠤᠷᠲᠠᠨ ᠰᠢᠯᠭᠠᠬᠤ ᠪᠠ ᠪᠡᠶ᠎ᠡ ᠶᠢᠨ ᠪᠠᠶᠢᠴᠠᠭᠠᠯᠲᠠ ᠳᠤ ᠣᠷᠣᠯᠴᠠᠵᠤ ᠪᠣᠯᠬᠤ ᠥᠬᠡᠶ᠃                                        ᠨᠠᠶᠢᠷᠠᠭᠤᠯᠤᠭᠴᠢ᠄   ᠶᠠᠩ  ᠿᠦᠢ ᠵᠧᠨ                                         ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2