【 ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠤᠨ ᠳᠤᠮᠳᠠᠳᠤ ᠶᠢᠨ ᠰᠣᠶᠣᠯ ᠤᠨ ᠰᠤᠳᠠᠰᠤ ᠶᠢ ᠦᠷᠭᠦᠯᠵᠢᠯᠡᠭᠦᠯᠦᠶ᠎ᠡ 】 ᠯᠢᠶᠠᠩᠴᠧᠩ ᠰᠢᠶᠠᠨ ︽ᠬᠡᠪᠯᠡᠯ ᠤᠨ ᠡᠷᠬᠡ ᠶᠢᠨ ᠴᠢᠳᠠᠪᠤᠷᠢ ᠣᠯᠭᠤᠵᠤ ᠤᠮᠠᠷᠠᠲᠤ ᠬᠢᠯᠢ ᠶᠢ ᠳᠡᠮᠵᠢᠬᠦ︾    ᠰᠣᠶᠣᠯ ᠢ ᠤᠯᠠᠮᠵᠢᠯᠠᠨ ᠬᠥᠭᠵᠢᠭᠦᠯᠬᠦ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭ᠊
ᠨᠡᠶᠢᠲᠡᠯᠡᠭᠰᠡᠨ ᠴᠠᠭ᠄
2024/6/11
   ᠮᠠᠨ ᠤ ᠰᠢᠶᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠤᠬᠠᠭᠤᠯᠤᠨ ᠲᠦᠭᠡᠮᠡᠯᠵᠢᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠨᠡᠶᠢᠭᠡᠮ ᠨᠡᠶᠢᠲᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠦᠨᠳᠦᠳᠬᠡᠬᠦ ᠪᠠ ᠬᠠᠮᠠᠭᠠᠯᠠᠬᠤ ᠤᠬᠠᠮᠰᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠮᠡᠳᠡᠯᠭᠡ ᠶᠢ ᠬᠦᠨᠳᠦᠳᠬᠡᠬᠦ᠂ ᠰᠢᠨ᠎ᠡ ᠶᠢ ᠡᠭᠦᠳᠬᠦ ᠶᠢ ᠡᠷᠬᠢᠮᠯᠡᠬᠦ᠂ ᠦᠨᠡᠨᠴᠢ ᠢᠲᠡᠭᠡᠮᠵᠢᠲᠡᠶ ᠪᠠᠷ ᠬᠠᠤᠯᠢ ᠶᠢ ᠰᠠᠬᠢᠬᠤ᠂ ᠲᠥᠪ ᠭᠤᠣᠯᠴᠢ ᠪᠠᠷ ᠥᠷᠢᠰᠦᠯᠳᠦᠬᠦ︾ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠤᠨ ᠠᠭᠤᠷ ᠠᠮᠢᠰᠬᠤᠯ ᠢ ᠶᠡᠬᠡᠪᠡᠷ ᠪᠣᠶ ᠪᠣᠯᠭᠠᠨ᠎ᠠ᠃ ᠣᠶᠢᠷ᠎ᠠ ᠳᠤ᠂ ᠬᠤᠲᠠ᠂ ᠰᠢᠶᠠᠨ ᠤ ᠬᠤᠶᠠᠷ ᠱᠠᠲᠤᠨ ᠤ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ ᠬᠠᠮᠲᠤᠪᠠᠷ ᠯᠢᠶᠠᠩᠴᠧᠩ ᠰᠢᠶᠠᠨ ᠤ ᠬᠤᠩ ᠮᠤᠤ ᠡᠮ ᠤᠨ ᠦᠢᠯᠡᠰ ᠲᠤ ︽ᠬᠡᠪᠯᠡᠯ ᠤᠨ ᠡᠷᠬᠡ ᠶᠢᠨ ᠴᠢᠳᠠᠪᠤᠷᠢ ᠣᠯᠭᠤᠵᠤ ᠤᠮᠠᠷᠠᠲᠤ ᠬᠢᠯᠢ ᠶᠢᠨ ᠰᠣᠶᠣᠯ ᠢ ᠤᠯᠠᠮᠵᠢᠯᠠᠨ ᠬᠥᠭᠵᠢᠭᠦᠯᠬᠦ ᠶᠢ ᠠᠬᠢᠭᠤᠯᠬᠤ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
        ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠲᠠᠳ ᠡᠯᠭᠦᠭᠡ ᠪᠢᠴᠢᠭᠡᠰᠦ ᠡᠯᠭᠦᠬᠦ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠳᠡᠯᠭᠡᠨ ᠦᠵᠡᠭᠦᠯᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠨᠢᠭᠤᠷᠲᠠᠨ ᠲᠠᠶᠢᠯᠪᠤᠷᠢᠯᠠᠬᠤ ᠵᠡᠷᠭᠡ ᠠᠷᠭ᠎ᠠ ᠬᠡᠯᠪᠡᠷᠢ ᠶᠢ ᠠᠰᠢᠭᠯᠠᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠭᠤᠯᠭ᠎ᠠ ᠶᠢᠨ ᠲᠣᠭᠤᠷᠢᠨ ᠳᠤ᠂ ᠣᠯᠠᠨ ᠲᠦᠮᠡᠨ ᠳᠤ ᠬᠠᠮᠢᠶ᠎ᠠ ᠪᠥᠬᠦᠶ ᠮᠡᠳᠡᠯᠭᠡ ᠶᠢ ᠲᠦᠭᠡᠮᠡᠯᠵᠢᠭᠦᠯᠬᠦ᠂ ᠬᠠᠤᠯᠢ ᠴᠠᠭᠠᠵᠠ ᠶᠢᠨ ᠤᠬᠠᠭᠤᠯᠭ᠎ᠠ ᠬᠢᠬᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠬᠡᠪᠯᠡᠯ ᠤᠨ ᠡᠷᠬᠡ ᠶᠢᠨ ᠬᠠᠮᠠᠭᠠᠯᠠᠯᠲᠠ ᠶᠢ ᠴᠢᠬᠤᠯᠠᠴᠢᠯᠠᠬᠤ᠂ ᠨᠡᠶᠢᠭᠡᠮ ᠨᠡᠶᠢᠲᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠦᠨᠳᠦᠳᠬᠡᠨ ᠬᠠᠮᠠᠭᠠᠯᠠᠬᠤ ᠤᠬᠠᠮᠰᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ᠂ ᠡᠷᠡᠭᠦᠯ ᠮᠡᠨᠳᠦ ᠶᠢᠨ ᠤᠩᠰᠢᠯᠭ᠎ᠠ᠂ ᠪᠣᠬᠢᠷᠲᠤᠯ ᠥᠬᠡᠶ ᠤᠩᠰᠢᠯᠭ᠎ᠠ ᠶᠢᠨ ᠣᠨᠣᠯᠵᠢᠬᠤᠨ ᠢ ᠪᠣᠶ ᠪᠣᠯᠭᠠᠵᠤ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠵᠢᠩᠬᠢᠨᠢ ᠬᠡᠪᠯᠡᠯ ᠤᠨ ᠨᠣᠮ ᠪᠢᠴᠢᠭ ᠢ ᠰᠠᠨᠠᠭᠠᠴᠢᠯᠠᠭ᠎ᠠ ᠠᠴᠠ ᠪᠠᠨ ᠬᠤᠳᠠᠯᠳᠤᠨ ᠠᠪᠤᠭᠤᠯᠵᠤ᠂ ᠬᠡᠪᠯᠡᠯ ᠬᠤᠯᠠᠭᠠᠶᠢᠯᠠᠭᠰᠠᠨ ᠨᠣᠮ ᠪᠢᠴᠢᠭ ᠢ ᠲᠡᠪᠴᠢᠪᠡ᠃
       ᠮᠠᠨ ᠤ ᠰᠢᠶᠠᠨ ᠤ ᠬᠡᠪᠯᠡᠯ ᠤᠨ ᠡᠷᠬᠡ ᠶᠢᠨ ᠠᠮᠵᠢᠯᠲᠠ ᠪᠦᠲᠦᠮᠵᠢ ᠵᠢᠴᠢ ᠠᠷᠠᠳ ᠤᠨ ᠤᠳᠬ᠎ᠠ ᠤᠷᠠᠯᠢᠭ ᠤᠨ ᠬᠡᠪᠯᠡᠯ ᠤᠨ ᠡᠷᠬᠡ ᠶᠢᠨ ᠦᠷ᠎ᠡ ᠪᠦᠲᠦᠭᠡᠯ ᠢ ᠨᠠᠩ ᠰᠠᠶᠢᠲᠤᠷ ᠳᠡᠯᠭᠡᠨ ᠦᠵᠡᠭᠦᠯᠬᠦ ᠶᠢᠨ ᠲᠥᠯᠥᠭᠡ᠂ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠮᠣᠩᠭᠤᠯ ᠱᠠᠬᠠᠶ᠂ ᠴᠠᠭᠠᠰᠤᠨ ᠬᠠᠶᠢᠴᠢᠯᠠᠮᠠᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠤᠶᠢᠯ ᠤᠨ ᠪᠦᠲᠦᠭᠡᠯ ᠤᠨ ᠦᠵᠡᠭᠦᠯᠦᠯᠭᠡ ᠶᠢᠨ ᠲᠣᠭᠤᠷᠢᠭ ᠭᠠᠷᠭᠠᠵᠤ᠂ ᠬᠡᠪᠯᠡᠯ ᠤᠨ ᠡᠷᠬᠡ ᠶᠢ ᠬᠠᠮᠠᠭᠠᠯᠠᠬᠤ ᠪᠠᠷ ᠴᠢᠳᠠᠪᠤᠷᠢ ᠣᠯᠭᠤᠬᠤ ᠶᠢ ᠭᠦᠢᠴᠡᠳ ᠬᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ ᠳᠤ ᠨᠠᠩ ᠣᠯᠠᠨ ᠠᠮᠢᠵᠢᠷᠠᠯ ᠤᠨ ᠬᠦᠴᠦᠨ ᠣᠯᠭᠤᠪᠠ᠃
       ᠬᠤᠲᠠ ᠶᠢᠨ ᠱᠠᠲᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠴᠠᠭᠠᠰᠤᠨ ᠬᠠᠶᠢᠴᠢᠯᠠᠮᠠᠯ ᠤᠨ ᠤᠯᠠᠮᠵᠢᠯᠠᠭᠴᠢ ᠸᠠᠩ ᠴᠢᠩ ᠰᠢᠤ ᠬᠡᠯᠡᠭᠰᠡᠨ ᠨᠢ᠄ ︽ᠲᠣᠰ ᠤᠳᠠᠭᠠᠨ ᠤ ᠵᠣᠬᠢᠶᠠᠯ ᠪᠦᠲᠦᠭᠡᠯ ᠤᠨ ᠡᠷᠬᠡ ᠶᠢᠨ ᠤᠬᠠᠭᠤᠯᠭ᠎ᠠ ᠪᠠᠷ ᠳᠡᠮᠵᠢᠨ᠂ ᠪᠢ ᠵᠣᠬᠢᠶᠠᠯ ᠪᠦᠲᠦᠭᠡᠯ ᠤᠨ ᠡᠷᠬᠡ ᠶᠢᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠭᠠᠵᠤ᠂ ᠪᠢᠳᠡᠨ ᠤ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠳᠤ ᠵᠣᠬᠢᠶᠠᠯ ᠪᠦᠲᠦᠭᠡᠯ ᠤᠨ ᠡᠷᠬᠡ ᠶᠢᠨ ᠴᠢᠬᠤᠯᠠ ᠴᠢᠨᠠᠷ ᠢ ᠨᠠᠩ ᠭᠦᠨᠵᠡᠭᠡᠶ ᠲᠠᠨᠢᠭᠤᠯᠤᠭᠰᠠᠨ ᠪᠠᠶᠢᠨ᠎ᠠ᠃ ᠬᠤᠶᠢᠰᠢᠳᠠ ᠶᠢᠨ ᠵᠣᠬᠢᠶᠠᠨ ᠪᠦᠲᠦᠭᠡᠯᠭᠡ ᠶᠢᠨ ᠳᠤᠮᠳᠠ᠂ ᠪᠢᠳᠡ ᠵᠣᠬᠢᠶᠠᠯ ᠪᠦᠲᠦᠭᠡᠯ ᠤᠨ ᠡᠷᠬᠡ ᠶᠢ ᠨᠡᠩ ᠰᠠᠶᠢᠲᠤᠷ ᠬᠡᠷᠡᠭᠯᠡᠨ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠵᠤ ᠴᠢᠳᠠᠨ᠎ᠠ  ︾ ᠭᠡᠪᠡ᠃
       ᠤᠢᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠶᠢᠨ ᠬᠡᠪᠯᠡᠯ ᠤᠨ ᠡᠷᠬᠡ ᠶᠢ ᠬᠠᠮᠠᠭᠠᠯᠠᠬᠤ ᠤᠬᠠᠮᠰᠠᠷ ᠪᠣᠯᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠡᠪᠯᠡᠯ ᠤᠨ ᠡᠷᠬᠡ ᠶᠢ ᠳᠠᠩᠰᠠᠯᠠᠬᠤ ᠵᠡᠷᠭᠡ ᠠᠷᠭ᠎ᠠ ᠬᠡᠯᠪᠡᠷᠢ ᠶᠢ ᠬᠡᠷᠡᠭᠯᠡᠵᠦ᠂ ᠠᠷᠠᠳ ᠤᠨ ᠤᠳᠬ᠎ᠠ ᠤᠷᠠᠯᠢᠭ ᠤᠨ ᠬᠡᠪᠯᠡᠯ ᠤᠨ ᠡᠷᠬᠡ ᠶᠢ ᠬᠠᠮᠠᠭᠠᠯᠠᠬᠤ ᠲᠤᠷᠰᠢᠯᠲᠠ ᠶᠢᠨ ᠠᠵᠢᠯ ᠢ ᠴᠢᠩᠭᠠᠳᠬᠠᠵᠤ᠂ ᠬᠡᠪᠯᠡᠯ ᠤᠨ ᠡᠷᠬᠡ ᠪᠠᠷ ᠴᠢᠳᠠᠪᠤᠷᠢ ᠣᠯᠭᠤᠬᠤ ᠪᠠᠷ ᠭᠠᠷᠳᠠᠴᠠ ᠪᠣᠯᠭᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠤᠮᠠᠷᠠᠲᠤ ᠬᠢᠯᠢ ᠶᠢᠨ ᠰᠣᠶᠣᠯ ᠤᠨ ᠤᠯᠠᠮᠵᠢᠯᠠᠯ ᠬᠥᠭᠵᠢᠯᠲᠡ ᠶᠢ ᠠᠬᠢᠭᠤᠯᠪᠠ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠪᠥᠬᠦ ᠰᠢᠶᠠᠨ ᠤ ᠥᠷᠭᠡᠨ ᠣᠯᠠᠨ ᠲᠦᠮᠡᠨ ᠤ ᠬᠡᠪᠯᠡᠯ ᠤᠨ ᠡᠷᠬᠡ ᠶᠢ ᠬᠠᠮᠠᠭᠠᠯᠠᠬᠤ᠂ ᠤᠬᠠᠮᠰᠠᠷ ᠠᠴᠠ ᠪᠠᠨ ᠡᠷᠬᠡ ᠪᠠᠨ ᠬᠠᠮᠠᠭᠠᠯᠠᠬᠤ ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠦᠨᠡᠨᠴᠢ ᠢᠲᠡᠭᠡᠮᠵᠢᠲᠡᠶ ᠪᠠᠷ ᠬᠠᠤᠯᠢ ᠶᠢ ᠰᠠᠬᠢᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠯᠢᠶᠠᠩᠴᠧᠩ ᠰᠢᠶᠠᠨ ᠬᠡᠪᠯᠡᠯ ᠤᠨ ᠡᠷᠬᠡ ᠶᠢ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠢ ᠬᠦᠳᠦᠯᠦᠨ ᠵᠢᠯᠣᠭᠤᠳᠴᠤ ᠪᠠᠶᠢᠭᠠᠳ ᠬᠠᠤᠯᠢ ᠪᠤᠰᠤ ᠬᠡᠪᠯᠡᠭᠳᠡᠬᠦᠨ᠂ ᠬᠤᠣᠷ ᠬᠥᠨᠥᠭᠡᠯ ᠲᠠᠢ ᠮᠡᠳᠡᠭᠡ ᠵᠠᠩᠭᠢ ᠶᠢ ᠤᠯᠠᠮᠵᠢᠯᠠᠬᠤ ᠵᠡᠷᠭᠡ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠰᠠᠨᠠᠭᠠᠴᠢᠯᠠᠭ᠎ᠠ ᠠᠴᠠ ᠪᠠᠨ ᠢᠯᠡᠴᠢᠯᠡᠨ ᠮᠡᠳᠡᠭᠦᠯᠵᠦ᠂ ᠰᠤᠷᠲᠠᠯ ᠴᠢᠬᠡᠴᠢ ᠣᠪᠣᠷ ᠲᠥᠪ ᠰᠣᠶᠣᠯ ᠤᠨ ᠣᠷᠴᠢᠨ ᠲᠣᠭᠤᠷᠢᠨ ᠢ ᠪᠤᠢ ᠪᠣᠯᠭᠠᠨ᠎ᠠ᠃                                              ᠨᠠᠶᠢᠷᠠᠭᠤᠯᠤᠭᠴᠢ᠄  ᠯᠢ ᠬᠤᠩ ᠢᠦᠢ                                                ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2