ᠵᠠᠮ ᠢ ᠪᠢᠲᠡᠭᠦᠮᠵᠢᠯᠡᠬᠦ ᠪᠠᠷᠢᠯᠭ᠎ᠠ ᠶᠢᠨ ᠠᠵᠢᠯ ᠤᠨ ᠵᠠᠷ
ᠨᠡᠶᠢᠲᠡᠯᠡᠭᠰᠡᠨ ᠴᠠᠭ᠄
2024/6/14
  X576 ᠱᠤᠭᠤᠮ ︵ᠲᠤᠭᠲᠠᠬᠤ ᠠᠭᠤᠯᠠ — ᠮᠠᠶᠢᠬᠠᠨᠳᠤ ᠵᠠᠮ︶᠎ ᠤᠨ ᠬᠡᠰᠡᠭ ᠢ ᠰᠡᠯᠪᠢᠨ ᠵᠠᠰᠠᠭᠰᠠᠨ ᠠᠴᠠ᠂ ᠵᠠᠮ ᠤᠨ ᠪᠠᠷᠢᠯᠭ᠎ᠠ ᠶᠢᠨ ᠬᠤᠭᠤᠴᠠᠭᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠪᠠ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾᠎ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ X576 ᠱᠤᠭᠤᠮ ᠳᠤ ᠵᠠᠮ ᠪᠢᠲᠡᠭᠦᠮᠵᠢᠯᠡᠬᠦ ᠪᠠᠷ ᠲᠣᠭᠲᠠᠪᠠ᠂ ᠪᠣᠳᠠᠲᠠᠶ ᠮᠡᠳᠡᠭᠳᠡᠯ ᠨᠢ ᠳᠣᠤᠷᠠᠬᠢ ᠮᠡᠲᠦ᠄    ᠨᠢᠭᠡ᠂ ᠪᠢᠲᠡᠭᠦᠮᠵᠢᠯᠡᠭᠰᠡᠨ ᠵᠠᠮ ᠤᠨ ᠬᠡᠰᠡᠭ    X576 ᠱᠤᠭᠤᠮ    ᠬᠤᠶᠠᠷ᠂ ᠪᠢᠲᠡᠭᠦᠮᠵᠢᠯᠡᠭᠰᠡᠨ ᠴᠠᠭ ᠬᠤᠭᠤᠴᠠᠭ᠎ᠠ    2024 ᠣᠨ ᠤ 6 ᠰᠠᠷ᠎ᠠ ᠶᠢᠨ 10᠎ ᠤ ᠡᠳᠦᠷ ᠠᠴᠠ 2024 ᠣᠨ ᠤ 7 ᠰᠠᠷ᠎ᠠ ᠶᠢᠨ 30᠎ ᠤ ᠡᠳᠦᠷ ᠪᠣᠯᠲᠠᠯ᠎ᠠ᠃    ᠭᠤᠷᠪᠠ᠂ ᠲᠣᠭᠤᠷᠢᠨ ᠶᠠᠪᠤᠬᠤ ᠲᠥᠰᠦᠯ    ᠹᠧᠩᠵᠧᠨ ᠬᠤᠲᠠ ᠶᠢᠨ ᠰᠠᠨ ᠢ ᠴᠢᠤᠸᠠᠨ ᠮᠸᠢᠳᠠᠢ ᠱᠤᠭᠤᠮ ᠵᠦᠭ ᠴᠢᠭᠯᠡᠨ ᠶᠠᠪᠤᠭᠠᠷᠠᠢ᠃    ᠳᠥᠷᠪᠡ᠂ ᠬᠠᠮᠢᠶ᠎ᠠ ᠪᠥᠬᠦᠶ ᠱᠠᠭᠠᠷᠳᠠᠯᠭ᠎ᠠ    ᠪᠠᠷᠢᠯᠭ᠎ᠠ ᠶᠢᠨ ᠬᠤᠭᠤᠴᠠᠭᠠᠨ ᠳᠤ ᠡᠷᠬᠢᠨ ᠲᠣᠭᠤᠷᠢᠨ ᠤ ᠵᠠᠮ ᠵᠢᠴᠢ ᠠᠶᠢᠯ ᠲᠣᠰᠬᠤᠨ ᠳᠤ ᠵᠣᠬᠢᠬᠤ ᠨᠥᠯᠥᠭᠡ ᠦᠵᠡᠭᠦᠯᠵᠦ᠂ ᠲᠣᠰ ᠵᠠᠮ ᠤᠨ ᠬᠡᠰᠡᠭ ᠢ ᠨᠡᠪᠲᠡᠷᠡᠭᠦᠯᠦᠭᠰᠡᠨ ᠲᠡᠷᠭᠡ ᠬᠥᠰᠬᠡ ᠶᠢᠨ ᠲᠣᠭᠤᠷᠢᠵᠤ ᠨᠡᠪᠲᠡᠷᠡᠬᠦ ᠵᠠᠮ ᠢ ᠤᠷᠢᠳᠴᠢᠯᠠᠨ ᠰᠣᠩᠭᠤᠵᠤ᠂ ᠵᠠᠮ ᠬᠠᠷᠢᠯᠴᠠᠭᠠᠨ ᠤ ᠴᠠᠭᠳᠠᠭ᠎ᠠ ᠪᠣᠯᠤᠨ ᠲᠤᠬᠠᠶ ᠶᠢᠨ ᠲᠠᠯᠠᠪᠤᠷ ᠤᠨ ᠬᠠᠮᠢᠶᠠᠷᠤᠯᠲᠠ ᠶᠢᠨ ᠠᠵᠢᠯᠲᠠᠨ ᠤ ᠵᠢᠯᠣᠭᠤᠳᠣᠯᠭ᠎ᠠ ᠶᠢ ᠤᠬᠠᠮᠰᠠᠷ ᠠᠴᠠ ᠪᠠᠨ ᠲᠠᠭᠠᠵᠤ᠂ ᠪᠢᠳᠡ ᠪᠠᠷᠢᠯᠭ᠎ᠠ ᠶᠢᠨ ᠬᠤᠭᠤᠴᠠᠭᠠᠨ ᠳᠤ ᠣᠯᠠᠨ ᠲᠦᠮᠡᠨ ᠳᠤ ᠳᠥᠭᠦᠮ ᠦᠭᠡᠶ ᠪᠠᠷ ᠭᠦᠨᠵᠡᠭᠡᠶ ᠣᠰᠣᠯ ᠬᠦᠯᠢᠶᠡᠵᠦ ᠪᠠᠶᠢᠨ᠎ᠠ᠃                    ᠯᠢᠶᠠᠩᠴᠧᠩ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶ᠎ᠠ                    ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ                    ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ                    ᠯᠢᠶᠠᠩᠴᠧᠩ ᠰᠢᠶᠠᠨ ᠤ ᠶᠡᠭᠡ ᠠᠩᠭᠢ                        2024 ᠣᠨ ᠤ 6 ᠰᠠᠷ᠎ᠠ ᠶᠢᠨ 7᠎ ᠤ ᠡᠳᠦᠷ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2