ᠮᠠᠨ ᠤ ᠰᠢᠶᠠᠨ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠨᠢᠭᠡ ᠠᠮᠢᠳᠠᠨ ᠢ ᠠᠮᠵᠢᠯᠲᠠ ᠲᠠᠢ ᠪᠠᠷ ᠠᠪᠤᠷᠠᠨ ᠵᠠᠰᠠᠪᠠ
ᠨᠡᠶᠢᠲᠡᠯᠡᠭᠰᠡᠨ ᠴᠠᠭ᠄
2024/6/14
   6 ᠰᠠᠷ᠎ᠠ ᠶᠢᠨ 12᠎ ᠤᠨ ᠡᠳᠦᠷ᠂ ᠨᠢᠭᠡ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ ᠮᠠᠨ ᠤ ᠰᠢᠶᠠᠨ ᠳᠤ ᠠᠮᠵᠢᠯᠲᠠ ᠲᠠᠢ ᠪᠠᠷ ᠠᠪᠤᠷᠠᠨ ᠲᠤᠰᠠᠯᠠᠭᠳᠠᠪᠠ᠃    ᠲᠤᠬᠠᠢ ᠶᠢᠨ ᠡᠳᠦᠷ ᠤᠨ ᠦᠳᠡ ᠶᠢᠨ ᠡᠮᠦᠨᠡᠬᠢ 9 ᠴᠠᠭ ᠤᠨ ᠦᠶ᠎ᠡ ᠪᠠᠷ᠂ ᠬᠤᠩ ᠮᠤᠤ ᠪᠠᠯᠭᠠᠰᠤᠨ ᠤ ᠰᠠᠭᠤᠭᠠᠯᠢ ᠠᠷᠠᠳ ᠭᠡᠷ ᠲᠡᠭᠡᠨ ᠬᠠᠷᠢᠬᠤ ᠵᠠᠮ ᠳᠠᠭᠠᠨ ᠵᠠᠮ ᠤᠨ ᠬᠠᠵᠠᠭᠤ ᠳᠤ ᠵᠥᠪᠬᠡᠨ ᠪᠢᠴᠢᠬᠠᠨ ᠠᠮᠢᠲᠠᠨ ᠰᠢᠷᠬᠠᠲᠤᠭᠰᠠᠨ ᠰᠢᠭ ᠰᠡᠵᠢᠭ ᠲᠠᠢ ᠪᠠᠶᠢᠬᠤ ᠶᠢ ᠣᠯᠵᠤ ᠮᠡᠳᠡᠭᠡᠳ᠂ ᠲᠡᠷᠡ ᠳᠠᠷᠤᠢ ᠳᠤᠨᠢ ᠰᠢᠶᠠᠨ ᠤ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠳᠤ ᠬᠦᠷᠭᠡᠵᠦ᠂ ᠰᠢᠶᠠᠨ ᠤ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠠᠴᠠ ᠲᠡᠷᠡ ᠳᠠᠷᠤᠢ ᠳᠤᠨᠢ ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠦᠢᠯᠡᠴᠢᠯᠡᠭᠡᠨ ᠤ ᠲᠥᠪ ᠤᠨ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠦᠷᠳᠡᠭᠡ ᠶᠢᠨ ᠲᠤᠰᠬᠠᠢ ᠮᠡᠷᠭᠡᠵᠢᠯ ᠤᠨ ᠠᠵᠢᠯᠲᠠᠨ ᠲᠠᠢ ᠬᠠᠷᠢᠯᠴᠠᠵᠤ ᠲᠤᠬᠠᠢ ᠶᠢᠨ ᠲᠠᠯᠠᠪᠠᠢ ᠳᠤ ᠬᠦᠷᠴᠦ ᠠᠪᠤᠷᠠᠨ ᠲᠤᠰᠠᠯᠠᠪᠠ᠃ ᠠᠵᠢᠯᠲᠠᠨ ᠪᠣᠯᠤᠨ ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠢᠶᠠᠷ ᠢᠯᠭᠠᠨ ᠲᠠᠨᠢᠭᠤᠯᠬᠤ ᠪᠠᠷ ᠳᠠᠮᠵᠢᠭᠠᠳ᠂ ᠲᠤᠰ ᠠᠮᠢᠲᠠᠨ ᠪᠣᠯ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠬᠤ ᠠᠮᠢᠲᠠᠨ ᠤ ︽ᠰᠢᠷ᠎ᠠ ᠰᠢᠪᠠᠭᠤ︾᠂ ᠣᠶᠤᠨ ᠰᠠᠨᠠᠭᠠᠨ ᠤ ᠪᠠᠶᠢᠳᠠᠯ ᠮᠠᠭᠤ᠂ ᠬᠥᠳᠡᠯᠵᠦ ᠪᠠᠷᠢᠬᠤ ᠳᠤ ᠳᠥᠭᠦᠮ ᠦᠭᠡᠢ ᠠᠮᠢᠲᠠᠨ ᠪᠣᠯᠤᠨ᠎ᠠ᠃ ᠳᠠᠷᠠᠭ᠎ᠠ ᠨᠢ᠂ ᠠᠵᠢᠯᠲᠠᠳ ᠲᠡᠭᠦᠨ ᠢ ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠦᠢᠯᠡᠴᠢᠯᠡᠭᠡᠨ ᠤ ᠲᠥᠪ ᠲᠤ ᠠᠪᠠᠴᠢᠵᠤ ᠢᠳᠡᠭᠦᠯᠪᠡ᠃ ︽ᠥᠨᠥᠳᠦᠷ ᠪᠢᠳᠡ ᠨᠢᠭᠡ ᠰᠢᠷ᠎ᠠ ᠰᠢᠪᠠᠭᠤ ᠶᠢ ᠠᠪᠤᠷᠠᠨ ᠡᠮᠨᠡᠵᠦ᠂ ᠨᠢᠯᠬ᠎ᠠ ᠪᠡᠶᠡᠲᠦ ᠶᠢ ᠠᠩᠬ᠎ᠠ ᠠᠯᠬᠤᠮ ᠬᠢᠨᠠᠨ ᠲᠣᠭᠲᠠᠭᠠᠵᠠᠶ᠂ ᠨᠢᠯᠬ᠎ᠠ ᠪᠡᠶ᠎ᠡ ᠶᠢᠨ ᠰᠢᠷ᠎ᠠ ᠰᠢᠪᠠᠭᠤ ᠶᠢ ᠣᠳᠣ ᠬᠡᠳᠦᠨ ᠡᠳᠦᠷ ᠠᠷᠠᠴᠢᠯᠠᠨ ᠲᠡᠵᠢᠭᠡᠬᠦ ᠴᠢᠬᠤᠯᠠᠲᠠᠶ᠂ ᠨᠢᠰ ᠲᠠᠯᠪᠢᠬᠤ ᠨᠥᠬᠦᠴᠡᠯ ᠳᠤ ᠬᠦᠷᠪᠡᠯ ᠪᠢᠳᠡ ᠳᠠᠷᠤᠢ ᠨᠢᠰᠦᠯᠲᠡ ᠬᠢᠬᠦ ᠬᠡᠷᠡᠭᠲᠡᠶ᠂ ᠲᠡᠷᠡ ᠪᠣᠯ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ ᠮᠥᠨ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ ᠶᠤᠮ᠂ ᠬᠡᠷᠪᠡ ᠰᠢᠷᠬᠠᠲᠤᠭᠰᠠᠨ ᠪᠤᠶᠤ ᠣᠯᠵᠤ ᠬᠠᠷᠠᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠷᠢᠯᠴᠠᠵᠤ ᠠᠪᠤᠷᠠᠨ ᠵᠠᠰᠠᠨ᠎ᠠ︾᠃ ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠦᠢᠯᠡᠴᠢᠯᠡᠭᠡᠨ ᠤ ᠲᠥᠪ ᠤᠨ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠦᠷᠳᠡᠭᠡ ᠶᠢᠨ ᠳᠠᠷᠤᠭ᠎ᠠ ᠪᠥᠭᠡᠳ ᠰᠢᠨᠵᠢᠯᠡᠬᠦ ᠤᠬᠠᠭᠠᠨ ᠤ ᠰᠤᠳᠤᠯᠭᠠᠨ ᠤ ᠤᠬᠠᠭᠤᠯᠭ᠎ᠠ ᠶᠢᠨ ᠬᠢᠴᠢᠶᠡᠯ ᠤᠨ ᠭᠡᠷ ᠤᠨ ᠳᠡᠳ᠋ ᠡᠷᠬᠢᠯᠡᠭᠴᠢ ᠴᠧᠨ ᠢᠦᠢ ᠬᠡᠯᠡᠪᠡ᠃    ᠰᠢᠷ᠎ᠠ ᠰᠢᠪᠠᠭᠤ ᠪᠣᠯ ᠨᠢᠭᠡ ᠵᠦᠢᠷᠡᠢ ᠵᠦᠷᠵᠢ ᠶᠢᠨ ᠰᠢᠷ᠎ᠠ ᠥᠩᠭᠡ ᠶᠢᠨ ᠨᠢᠳᠦ ᠲᠠᠢ᠂ ᠰᠤᠨᠤᠷ ᠰᠡᠷᠡᠮᠵᠢ ᠲᠠᠢ ᠪᠥᠭᠡᠳ ᠰᠥᠨᠢ ᠶᠢᠨ ᠣᠨᠴᠠᠭᠠᠢ ᠬᠤᠷᠴᠠ ᠬᠠᠷᠠᠭ᠎ᠠ ᠲᠠᠢ ᠪᠣᠯᠬᠤᠷ ᠰᠥᠨᠢ ᠶᠢᠨ ᠳᠣᠭᠰᠢᠨ ᠵᠢᠭᠦᠷᠲᠡᠨ ᠳᠤ ᠲᠣᠭᠠᠴᠠᠭᠳᠠᠨ᠎ᠠ᠃ ᠦᠷᠡᠵᠢᠬᠦ ᠤᠯᠠᠷᠢᠯ ᠨᠢ ᠬᠤᠣᠰᠯᠠᠬᠤ ᠠᠴᠠ ᠭᠠᠳᠠᠨ᠎ᠠ᠂ ᠶᠡᠷᠦ ᠳᠤ ᠪᠠᠨ ᠠᠰ ᠲᠤ ᠨᠢ ᠬᠥᠳᠡᠯᠭᠡᠭᠡᠨ ᠬᠢᠳᠡᠭ᠃ ᠡᠳᠦᠷ ᠨᠢ ᠢᠭ᠌ᠴᠢ ᠰᠠᠬᠤᠯᠠᠭ ᠮᠣᠳᠣᠨ ᠳᠤ ᠳᠠᠯᠳᠠ ᠪᠠᠷ ᠠᠮᠠᠷᠠᠵᠤ᠂ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ ᠪᠣᠯᠣᠨ᠎ᠠ᠃      ᠣᠶᠢᠷ᠎ᠠ ᠶᠢᠨ ᠵᠢᠯ ᠠᠴᠠ᠂ ᠮᠠᠨ ᠤ ᠰᠢᠶᠠᠨ ᠠᠮᠢ ᠠᠬᠤᠶ ᠶᠢᠨ ᠣᠷᠴᠢᠨ ᠲᠣᠭᠤᠷᠢᠨ ᠪᠠ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠠᠯᠢ ᠣᠯᠠᠨ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ᠂ ᠣᠷᠣᠨ ᠪᠦᠰᠡ ᠶᠢᠨ ᠳᠣᠲᠣᠷᠠᠬᠢ ᠠᠮᠢ ᠠᠬᠤᠶ ᠶᠢᠨ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠰᠡᠷᠭᠦᠯᠲᠡ ᠪᠠ ᠬᠥᠭᠵᠢᠯᠲᠡ ᠶᠢ ᠠᠬᠢᠭᠤᠯᠪᠠ᠃ ᠡᠭᠦᠨ ᠤ ᠬᠠᠮᠲᠤ᠂ ᠮᠠᠨ ᠤ ᠰᠢᠶᠠᠨ ᠪᠠᠰᠠ ᠬᠡᠭᠡᠷ᠎ᠡ ᠶᠢᠨ ᠠᠮᠢᠲᠠᠨ ᠢ ᠬᠢᠨᠠᠨ ᠬᠡᠮᠵᠢᠬᠦ ᠪᠠ ᠠᠪᠤᠷᠠᠨ ᠲᠤᠰᠠᠯᠠᠬᠤ ᠠᠵᠢᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠦᠷᠢᠨ ᠲᠡᠭᠦᠯᠳᠡᠷ ᠲᠣᠭᠲᠠᠴᠠ ᠶᠢ ᠪᠠᠶᠢᠭᠤᠯᠵᠤ᠂ ᠰᠢᠷᠬᠠᠲᠤᠭᠰᠠᠨ ᠪᠤᠶᠤ ᠠᠶᠤᠯ ᠳᠤ ᠤᠴᠠᠷᠠᠭᠰᠠᠨ ᠬᠡᠭᠡᠷ᠎ᠡ ᠶᠢᠨ ᠠᠮᠢᠲᠠᠨ ᠢ ᠲᠡᠷᠡ ᠳᠠᠷᠤᠶ ᠳᠤᠨᠢ ᠠᠪᠤᠷᠠᠨ ᠲᠤᠰᠠᠯᠠᠬᠤ ᠶᠢ ᠦᠨᠡᠨ ᠬᠦ ᠪᠠᠲᠤᠯᠠᠪᠠ᠃ ᠣᠯᠠᠨ ᠵᠦᠢᠯ ᠤᠨ ᠬᠡᠯᠪᠡᠷᠢ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠪᠠᠷ ᠳᠠᠮᠵᠢᠭᠤᠯᠤᠨ᠂ ᠬᠤᠲᠠ ᠶᠢᠨ ᠠᠷᠠᠳ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠠ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠠᠵᠢᠯᠯᠠᠭ᠎ᠠ ᠳᠤ ᠣᠷᠣᠯᠴᠠᠵᠤ᠂ ᠪᠥᠬᠦ ᠨᠡᠶᠢᠭᠡᠮ ᠢᠶᠠᠷ ᠢᠶᠠᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠬᠠᠮᠲᠤ ᠪᠠᠷ ᠠᠩᠬᠠᠷᠤᠨ ᠳᠡᠮᠵᠢᠬᠦ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃                                    ᠨᠠᠶᠢᠷᠠᠭᠤᠯᠤᠭᠴᠢ᠄  ᠯᠢ ᠬᠤᠩ ᠢᠦᠢ                                      ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2