ᠮᠧᠢ ᠲᠤᠸᠠᠨ ᠬᠠᠮᠲᠤ ᠪᠠᠷ ᠡᠳ᠋ᠯᠡᠬᠦ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠢᠩᠬᠢᠨᠢ ᠪᠠᠷ ᠯᠢᠶᠠᠩᠴᠧᠩ ᠳᠤ ᠣᠷᠣᠭᠤᠯᠪᠠ ᠭᠠᠳᠠᠭᠰᠢ ᠭᠠᠷᠬᠤ ᠳᠤ ᠨᠠᠩ ᠳᠣᠤᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠢ ᠨᠠᠩ ᠳᠥᠭᠦᠮ ᠪᠣᠯᠭᠠᠨ᠎ᠠ
ᠨᠡᠶᠢᠲᠡᠯᠡᠭᠰᠡᠨ ᠴᠠᠭ᠄
2024/6/17
   ᠰᠠᠭᠤᠭᠠᠯᠢ ᠠᠷᠠᠳ ᠤᠨ ᠡᠳᠦᠷ ᠢᠷᠡᠬᠦᠶ᠎ᠡ ᠣᠯᠠᠨ ᠶᠠᠩᠵᠤ ᠶᠢᠨ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠵᠤ᠂ ᠡᠷᠡᠭᠦᠯ ᠴᠢᠭᠢᠷᠠᠭ᠂ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠬᠤ ᠶᠢᠨ ᠲᠥᠯᠥᠭᠡ᠂  ᠮᠧᠢ ᠲᠤᠸᠠᠨ ᠬᠠᠮᠲᠤ ᠪᠠᠷ ᠡᠳ᠋ᠯᠡᠬᠦ  ᠴᠠᠬᠢᠯᠭᠠᠨ ᠬᠥᠳᠡᠯᠭᠡᠭᠦᠷᠲᠦ ᠲᠡᠷᠭᠡ ᠶᠢ ᠣᠶᠢᠷ᠎ᠠ ᠳᠤ ᠯᠢᠶᠠᠩᠴᠧᠩ ᠰᠢᠶᠠᠨ  ᠳᠤ ᠵᠢᠩᠬᠢᠨᠢ ᠪᠠᠷ ᠣᠷᠣᠭᠤᠯᠪᠠ︕    ᠣᠶᠢᠷ᠎ᠠ ᠳᠤ᠂ ᠰᠤᠷᠪᠤᠯᠵᠢᠯᠠᠭᠴᠢ ᠬᠤᠩ ᠮᠤᠤ ᠪᠠᠯᠭᠠᠰᠤᠨ ᠤ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠭᠠᠳᠠᠨᠠᠬᠢ᠂ ᠬᠥᠮᠦᠨ ᠬᠠᠷ᠎ᠠ ᠲᠥᠪᠯᠡᠷᠡᠭᠰᠡᠨ ᠣᠷᠣᠨ ᠪᠦᠰᠡ ᠵᠡᠷᠭᠡ ᠵᠠᠮ ᠬᠠᠷᠢᠯᠴᠠᠭᠠᠨ ᠤ ᠴᠢᠬᠤᠯᠠ ᠣᠷᠣᠨ ᠪᠦᠰᠡ ᠳᠤ ᠨᠢᠭᠡ ᠮᠥᠷ ᠲᠡᠷᠢ ᠲᠡᠭᠰᠢ ᠲᠠᠯᠪᠢᠭᠰᠠᠨ ︽ᠪᠢᠴᠢᠬᠠᠨ ᠰᠢᠷ᠎ᠠ︾ ᠨᠢᠭᠡᠨᠲᠡ ᠬᠤᠲᠠ ᠶᠢᠨ ᠵᠡᠭᠡᠯᠢ ᠭᠤᠳᠤᠮᠵᠢ ᠶᠢᠨ ᠰᠢᠨ᠎ᠡ ᠦᠵᠡᠮᠵᠢ ᠪᠣᠯᠤᠭᠰᠠᠨ ᠪᠠᠶᠢᠨ᠎ᠠ᠃    ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠬᠠᠮᠲᠤ ᠪᠠᠷ ᠡᠳ᠋ᠯᠡᠬᠦ ᠴᠠᠬᠢᠯᠭᠠᠨ ᠬᠥᠳᠡᠯᠭᠡᠭᠦᠷᠲᠦ ᠲᠡᠷᠭᠡ ᠨᠢ ᠬᠥᠮᠦᠰ ᠤᠨ ︽ᠴᠡᠭ ᠠᠴᠠ ᠴᠡᠭ ᠲᠤ ᠬᠦᠷᠬᠦ︾ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠵᠤ᠂ ᠰᠢᠶᠠᠨ ᠤ ᠬᠤᠲᠠ ᠶᠢᠨ ᠣᠷᠣᠨ ᠪᠦᠰᠡ ᠶᠢᠨ ᠳᠣᠲᠣᠷᠠᠬᠢ ᠰᠠᠭᠤᠭᠠᠯᠢ ᠠᠷᠠᠳ ᠪᠤᠶᠤ ᠵᠤᠭᠠᠴᠠᠭᠰᠠᠳ ᠤᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠠᠴᠠ ᠭᠠᠷᠴᠤ ᠶᠠᠪᠤᠬᠤ ᠳᠤ ᠠᠰᠢᠭᠲᠠᠶ ᠨᠥᠬᠦᠪᠥᠷᠢ ᠪᠣᠯᠤᠨ᠎ᠠ᠃ ᠤᠯᠠᠮᠵᠢᠯᠠᠯᠲᠤ ᠬᠤᠪᠢ ᠶᠢᠨ ᠲᠡᠷᠭᠡ ᠲᠠᠢ ᠬᠠᠷᠢᠴᠠᠭᠤᠯᠪᠠᠯ᠂ ᠴᠠᠬᠢᠯᠭᠠᠨ ᠬᠥᠳᠡᠯᠭᠡᠭᠦᠷᠲᠦ ᠲᠡᠷᠭᠡ ᠨᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠪᠠᠷ ᠪᠠᠷᠠᠬᠤ ᠥᠬᠡᠶ ᠪᠠᠰᠠ ᠬᠤᠲᠠ ᠶᠢᠨ ᠲᠣᠭᠤᠷᠢᠭ ᠤᠨ ᠲᠦᠭᠵᠢᠷᠡᠯ ᠪᠠ ᠠᠭᠠᠷ ᠤᠨ ᠪᠣᠬᠢᠷᠲᠤᠯ ᠤᠨ ᠠᠰᠠᠭᠤᠳᠠᠯ ᠢ ᠪᠠᠭᠠᠰᠬᠠᠬᠤ ᠳᠤ ᠠᠰᠢᠭᠲᠠᠶ ᠶᠤᠮ᠃ ᠬᠠᠮᠲᠤ ᠪᠠᠷ ᠡᠳ᠋ᠯᠡᠬᠦ ᠴᠠᠬᠢᠯᠭᠠᠨ ᠬᠥᠳᠡᠯᠭᠡᠭᠦᠷᠲᠦ ᠲᠡᠷᠭᠡ ᠶᠢ ᠣᠷᠣᠭᠤᠯᠤᠨ ᠠᠪᠴᠢᠷᠠᠬᠤ ᠨᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ᠂ ᠬᠤᠷᠳᠤᠴᠠ ᠠᠴᠠ ᠬᠡᠲᠦᠷᠡᠬᠦ᠂ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠵᠡᠷᠭᠡ ᠠᠰᠠᠭᠤᠳᠠᠯ ᠢ ᠪᠦᠲᠦᠮᠵᠢᠲᠡᠶ   ᠰᠢᠢᠳᠪᠤᠷᠢᠯᠡᠵᠦ᠂ ᠰᠠᠭᠤᠭᠠᠯᠢ ᠠᠷᠠᠳ ᠤᠨ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠠᠰᠠᠷ ᠲᠤ ᠭᠠᠷᠬᠤ ᠲᠦᠭᠰᠢᠭᠦᠷᠢ ᠶᠢ ᠪᠠᠭᠤᠷᠠᠭᠤᠯᠵᠤ᠂ ᠥᠪᠡᠰᠦᠪᠡᠨ ᠨᠣᠴᠣᠬᠤ ᠲᠦᠭᠰᠢᠭᠦᠷᠢ ᠶᠢ ᠪᠠᠭᠠᠰᠬᠠᠵᠤ ᠪᠣᠯᠤᠨ᠎ᠠ᠃ ᠰᠠᠭᠤᠭᠠᠯᠢ ᠠᠷᠠᠳ ᠭᠠᠷ ᠤᠲᠠᠰᠤ APP ᠪᠠᠷ ᠳᠠᠮᠵᠢᠭᠤᠯᠤᠨ ᠲᠡᠷᠭᠡ ᠬᠥᠰᠬᠡ ᠪᠠᠨ ᠠᠮᠠᠷᠬᠠᠨ ᠵᠢᠭᠡᠯᠡᠵᠦ ᠪᠠᠶᠢᠭᠠᠳ ᠭᠠᠳᠠᠭᠰᠢ ᠭᠠᠷᠬᠤ ᠳᠤ ᠨᠠᠩ ᠲᠥᠬᠦᠮ ᠪᠠ ᠠᠮᠤᠷ ᠲᠦᠪᠰᠢᠨ ᠪᠣᠯᠭᠠᠵᠤ ᠪᠣᠯᠤᠨ᠎ᠠ᠃ ᠰᠠᠭᠤᠭᠠᠯᠢ ᠠᠷᠠᠳ ᠲᠤ ᠠᠪᠴᠤ ᠬᠡᠯᠡᠪᠡᠯ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠥᠪᠡᠷ ᠤᠨ ᠥᠷᠲᠡᠭ ᠨᠢ ᠴᠦ ᠬᠠᠷᠢᠴᠠᠩᠭᠤᠶ ᠪᠠᠷ ᠨᠡᠯᠢᠶᠡᠳ ᠳᠣᠤᠷ᠎ᠠ ᠪᠠᠶᠢᠬᠤ ᠶᠢᠨ ᠬᠠᠮᠲᠤ᠂ ᠲᠡᠷᠭᠡ ᠬᠤᠳᠠᠯᠳᠤᠨ ᠠᠪᠬᠤ᠂ ᠴᠠᠬᠢᠯᠭᠠᠨ ᠴᠡᠨᠡᠭᠯᠡᠬᠦ᠂ ᠡᠯᠡᠭᠳᠡᠯ ᠤᠨ ᠡᠯᠡᠭᠳᠡᠯ ᠪᠠ ᠰᠡᠯᠪᠢᠨ ᠵᠠᠰᠠᠬᠤ ᠵᠡᠷᠭᠡ ᠠᠰᠠᠭᠤᠳᠠᠯ ᠠᠴᠠ ᠰᠠᠨᠠᠭ᠎ᠠ ᠵᠣᠪᠠᠭ᠋ᠤ ᠬᠡᠷᠡᠭ ᠥᠬᠡᠶ᠃ ᠳᠤᠭᠤᠢ ᠤᠨᠤᠬᠤ ᠦᠶ᠎ᠡ ᠳᠤ᠂ ᠰᠢᠰᠲ᠋ᠧᠮ ᠨᠢ ᠪᠠᠰᠠ ᠬᠡᠷᠡᠭᠯᠡᠭᠴᠢᠳ ᠤᠨ ᠳᠤᠭᠤᠶ ᠤᠨᠤᠬᠤ ᠠᠮᠤᠷ ᠲᠦᠪᠰᠢᠨ ᠤ ᠰᠠᠨᠠᠭᠤᠯᠤᠮᠵᠢ ᠶᠢ ᠴᠠᠭ ᠲᠤᠬᠠᠶ ᠳᠤᠨᠢ ᠬᠢᠵᠦ᠂ ᠠᠮᠤᠷ ᠲᠦᠪᠰᠢᠨ ᠤ ᠳᠤᠭᠤᠯᠠᠭ᠎ᠠ ᠶᠢ ᠬᠡᠷᠡᠭᠯᠡᠨ᠂ ᠬᠡᠷᠡᠭᠯᠡᠭᠴᠢᠳ ᠢ ᠬᠠᠪᠰᠤᠷᠤᠨ ᠵᠢᠷᠤᠮᠵᠢᠭᠤᠨ ᠪᠥᠭᠡᠳ ᠡᠮᠬᠢ ᠵᠢᠷᠤᠮ ᠲᠠᠢ ᠪᠠᠷ ᠳᠤᠭᠤᠶ ᠤᠨᠤᠬᠤ ᠳᠠᠳᠬᠠᠯ ᠢ ᠬᠥᠮᠦᠵᠢᠭᠦᠯᠵᠦ ᠥᠭᠭᠦᠨ᠎ᠡ᠃                                         ᠨᠠᠶᠢᠷᠠᠭᠤᠯᠤᠭᠴᠢ᠄  ᠯᠢ ᠬᠤᠩ ᠢᠦᠢ                                           ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2