6 ᠰᠠᠷ᠎ᠠ ᠶᠢᠨ 13 ᠤ ᠡᠳᠦᠷ᠂ ᠯᠢᠶᠠᠩᠴᠧᠩ ᠰᠢᠶᠠᠨ ᠤ ᠠᠩᠬᠠᠳᠤᠭᠠᠷ ᠬᠤᠭᠤᠴᠠᠭᠠᠨ ᠤ ︽ᠬᠤᠣ ᠰᠢᠶᠠᠩ | ᠬᠤᠨᠳᠠᠭᠠᠲᠤ︾ ᠠᠵᠢᠯ ᠠᠴᠠ ᠪᠠᠨ ᠠᠮᠠᠷᠠᠭᠰᠠᠨ ᠺᠠᠲᠷ᠂ ᠠᠵᠢᠯᠲᠠᠨ ᠠᠵᠢᠯᠴᠢᠨ ᠤ ᠬᠥᠵᠥᠷ ᠤᠷᠤᠯᠳᠤᠭᠠᠨ ᠡᠬᠢᠯᠡᠪᠡ᠃ | ᠲᠤᠰ ᠤᠳᠠᠭᠠᠨ ᠤ ᠤᠷᠤᠯᠳᠤᠭᠠᠨ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠯᠢᠶᠠᠩᠴᠧᠩ ᠰᠢᠶᠠᠨ ᠤ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠣᠯᠤᠨ ᠨᠢᠭᠡᠳᠦᠮᠡᠯ ᠹᠷᠣᠨᠲ ᠤᠨ ᠬᠡᠯᠲᠡᠰ ᠠᠴᠠ ᠭᠤᠣᠯᠯᠠᠨ ᠡᠷᠬᠢᠯᠡᠵᠦ᠂ | ᠰᠢᠶᠠᠨ ᠤ ᠠᠬᠠᠮᠠᠳ ᠺᠠᠳ᠋ᠷᠴᠤᠳ ᠤᠨ ᠦᠢᠯᠡᠴᠢᠯᠡᠭᠡᠨ ᠤ ᠲᠥᠪ᠂ ᠠᠵᠢᠯᠴᠢᠨ ᠤ ᠶᠡᠷᠦᠩᠬᠡᠢ ᠡᠪᠯᠡᠯ᠂ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠠᠮ | ᠵᠠᠭᠤᠴᠢᠯᠠᠭᠤᠷ ᠤᠨ ᠲᠥᠪ ᠬᠠᠮᠲᠤᠷᠠᠨ ᠳᠠᠭᠠᠭᠠᠴᠢᠯᠠᠨ ᠡᠷᠬᠢᠯᠡᠪᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ | ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᡁᠢ ᠭᠠᠩ ᠪᠡᠶ᠎ᠡ ᠪᠠᠷ ᠢᠶᠠᠨ ᠡᠬᠢᠯᠡᠯᠲᠡ ᠶᠢᠨ | ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ | ᠲᠣᠰ ᠤᠳᠠᠭᠠᠨ ᠤ ᠤᠷᠤᠯᠳᠤᠭᠠᠨ ᠤ ᠵᠦᠢᠯ ᠳᠤ ᠵᠢᠷᠭᠤᠭᠠᠨ ᠬᠥᠮᠦᠨ ᠤ ᠳᠡᠭᠡᠳᠦ ᠤᠷᠤᠰᠬᠠᠯ ᠤᠨ | ᠤᠷᠤᠯᠳᠤᠭᠠᠨ ᠤ ᠲᠦᠷᠢᠮ ᠢ ᠬᠡᠷᠡᠭᠵᠢᠭᠦᠯᠵᠦ᠂ ᠪᠣᠶ ᠪᠥᠬᠦᠶ ᠤᠷᠤᠯᠳᠤᠭᠠᠨ ᠳᠤ ᠣᠷᠣᠯᠴᠠᠬᠤ ᠠᠩᠭᠢ ᠡᠷᠭᠢᠯᠲᠡ ᠶᠢᠨ | ᠤᠷᠤᠯᠳᠤᠭᠠᠨ ᠶᠠᠪᠤᠭᠤᠯᠵᠤ᠂ ᠳᠣᠯᠣᠳᠤᠭᠠᠷ ᠡᠭᠡᠯᠵᠢ ᠶᠢᠨ ᠡᠷᠭᠢᠯᠲᠡ ᠶᠢᠨ ᠤᠷᠤᠯᠳᠤᠭᠠᠨ ᠤ ᠳᠠᠷᠠᠭ᠎ᠠ ᠬᠤᠪᠢ | ᠬᠤᠷᠠᠮᠳᠤᠭᠤᠯᠬᠤ ᠪᠠᠷ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠢ ᠲᠣᠭᠲᠠᠭᠠᠪᠠ᠃ | ᠤᠷᠤᠯᠳᠤᠭᠠᠨ ᠤ ᠲᠤᠬᠠᠶ ᠶᠢᠨ ᠲᠠᠯᠠᠪᠠᠢ ᠳᠤ᠂ ᠣᠯᠠᠨ ᠢᠶᠠᠷ ᠢᠶᠠᠨ ᠯᠠᠪᠳᠠᠭᠤᠨ ᠲᠣᠭᠲᠠᠭᠤᠨ᠂ ᠫᠠᠶᠢᠰᠠ ᠮᠡᠷᠭᠡᠵᠢᠯ ᠤᠨ | ᠳᠠᠪᠲᠠᠯᠲᠠ ᠬᠢᠵᠦ᠂ ᠫᠠᠶᠢᠰᠠ ᠮᠡᠷᠭᠡᠵᠢᠯ ᠤᠨ ᠳᠤᠮᠳᠠ ᠣᠶᠤᠨ ᠤᠬᠠᠭᠠᠨ ᠢᠶᠠᠨ ᠪᠣᠯᠪᠠᠰᠤᠷᠠᠭᠤᠯᠵᠤ᠂ ᠰᠡᠳᠬᠢᠯ | ᠰᠠᠨᠠᠭ᠎ᠠ ᠪᠠᠨ ᠲᠠᠶᠢᠳᠬᠤᠷᠠᠭᠤᠯᠪᠠ᠃ ᠤᠷᠤᠯᠳᠤᠭᠠᠨ ᠤ ᠵᠠᠪᠰᠠᠷ ᠲᠤ᠂ ᠤᠯᠠᠨ ᠢᠶᠠᠷ ᠢᠶᠠᠨ ᠬᠠᠷᠢᠯᠴᠠᠨ ᠮᠡᠨᠳᠦᠴᠢᠯᠠᠵᠤ᠂ | ᠰᠣᠯᠢᠯᠴᠠᠨ ᠰᠤᠷᠤᠯᠴᠠᠵᠤ᠂ ᠨᠥᠬᠦᠷᠯᠡᠯ ᠢᠶᠠᠨ ᠵᠤᠵᠠᠭᠠᠳᠬᠠᠪᠠ᠃ ᠤᠷᠤᠯᠳᠤᠭᠠᠨ ᠤ ᠠᠭᠤᠷ ᠠᠮᠢᠰᠬᠤᠯ ᠤᠨᠴᠠᠭᠠᠢ | ᠬᠦᠷ ᠬᠦᠭᠵᠢᠶᠡᠨ ᠲᠠᠢ ᠤᠷᠤᠯᠳᠤᠭᠠᠨ ᠤ ᠲᠠᠯᠠᠪᠤᠷ ᠬᠦᠷ ᠬᠦᠭᠵᠢᠶᠡᠨ ᠢᠶᠠᠷ ᠪᠢᠯᠬᠠᠨ᠎ᠠ᠃ | ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠬᠤᠯᠤ ᠰᠢᠷᠬᠡᠭ ᠤᠨ ᠠᠷᠪᠠᠨ ᠨᠢᠭᠡᠳᠦᠭᠡᠷ ᠠᠩᠭᠢ ᠶᠢᠨ ᠭᠡᠰᠢᠭᠦᠨ | ᠼᠤᠤ ᠶᠤᠸᠠᠢ ᠾᠧ᠄ ︽ᠡᠨᠡ ᠤᠳᠠᠭᠠᠨ ᠤ ᠵᠣᠬᠢᠶᠠᠨ ᠪᠠᠶᠢᠭᠤᠯᠤᠭᠰᠠᠨ ︿ᠬᠤᠤ ᠰᠢᠶᠠᠩ ᠬᠤᠨᠳᠠᠭᠠᠲᠤ﹀ | ᠨᠠᠰᠤᠲᠠᠶᠢᠴᠤᠳ ᠤᠨ ᠬᠥᠵᠥᠷ ᠤᠷᠤᠯᠳᠤᠭᠠᠨ ᠤ ᠤᠷᠤᠯᠳᠤᠭᠠᠨ ᠮᠠᠰᠢ ᠰᠠᠶᠢᠨ᠂ ᠮᠠᠨ ᠤ ᠠᠵᠢᠯ ᠠᠴᠠ ᠪᠠᠨ | ᠠᠮᠠᠷᠠᠭᠰᠠᠨ ᠠᠬᠠᠮᠠᠳ ᠺᠠᠳ᠋ᠷᠴᠤᠳ ᠠᠳᠡ ᠢᠷᠡᠵᠦ ᠲᠣᠭᠯᠠᠬᠤ ᠨᠢ ᠮᠠᠰᠢ ᠪᠠᠶᠠᠷᠲᠠᠢ ᠪᠠᠶᠢᠨ᠎ᠠ᠂ ᠪᠢᠳᠡ ᠵᠤᠭ᠎ᠠ | ᠴᠡᠩᠭᠡᠯ ᠢᠶᠠᠷ ᠪᠠᠷᠠᠬᠤ ᠥᠬᠡᠶ᠂ ᠪᠠᠰᠠ ᠮᠠᠰᠢ ᠣᠯᠠᠨ ᠨᠠᠰᠤᠲᠠᠶᠢᠴᠤᠳ ᠤᠨ ᠨᠠᠶᠢᠵᠠ ᠨᠠᠷ ᠢ ᠲᠠᠨᠢᠵᠤ ᠴᠢᠳᠠᠨ᠎ᠠ︾ | ᠭᠡᠪᠡ᠃ | 14 ᠤ ᠡᠳᠦᠷ ᠤᠨ ᠦᠳᠡ ᠶᠢᠨ ᠬᠤᠶᠢᠨ᠎ᠠ᠂ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠵᠦ᠂ | ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠲᠣᠰ ᠲᠣᠰ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ | ᠱᠠᠩᠨᠠᠯ ᠪᠠ ᠬᠡᠪ ᠰᠤᠷᠲᠠᠯ ᠤᠨ ᠱᠠᠩᠨᠠᠯ᠂ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠬᠦᠷᠲᠡᠭᠰᠡᠳ ᠲᠤ | ᠱᠠᠩᠨᠠᠯ ᠭᠠᠷᠳᠠᠭᠤᠯᠪᠠ᠃ ᠲᠡᠭᠦᠰᠬᠦ ᠶᠣᠰᠣᠯᠠᠯ ᠤᠨ ᠠᠵᠢᠯᠯᠠᠭ᠎ᠠ ᠳᠤᠮᠳᠠ᠂ ᠤᠷᠤᠯᠳᠤᠭᠠᠨ ᠳᠤ ᠣᠷᠣᠯᠴᠠᠭᠰᠠᠳ | ᠨᠡᠷᠡᠭ ᠨᠢᠳᠤᠷᠭ᠎ᠠ ᠶᠢᠨ ᠲᠣᠭᠯᠠᠯᠲᠠ ︽ᠪᠢ ᠳᠤᠮᠳᠠᠳᠤ ᠤᠯᠤᠰ ᠢᠶᠠᠨ ᠬᠠᠶᠢᠷᠠᠯᠠᠨ᠎ᠠ︾᠂ ︽ᠲᠩᠷᠢ ᠶᠢᠨ ᠬᠠᠶᠠᠭᠠᠨ ᠤ | ᠳᠠᠭᠤᠯᠠᠯ︾᠂ ᠨᠠᠶᠢᠷᠠᠯ ᠳᠠᠭᠤᠤ ︽ᠨᠠᠮ ᠤᠨ ᠲᠤᠭ ᠨᠠᠮᠢᠷᠠᠨ᠎ᠠ︾ ᠵᠡᠷᠭᠡ ᠭᠤᠶᠢᠳᠠ ᠰᠠᠶᠢᠬᠠᠨ ᠲᠣᠭᠯᠠᠯᠲᠠ ᠪᠠᠨ | ᠳᠡᠪᠰᠢᠭᠦᠯᠵᠦ᠂ ᠲᠡᠳᠡᠨ ᠤ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ | ᠳᠠᠭᠠᠬᠤ︾ ᠪᠠᠲᠤ ᠢᠲᠡᠭᠡᠯ ᠪᠠ ᠬᠢᠵᠠᠭᠠᠯᠠᠰᠢ ᠦᠭᠡᠢ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠢᠯᠡᠷᠡᠭᠦᠯᠪᠡ᠃ | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ |