ᠮᠠᠨ ᠤ ᠰᠢᠶᠠᠨ ᠤ ᠣᠯᠠᠨ ᠰᠠᠯᠠᠭ᠎ᠠ ᠮᠥᠴᠢᠷ ᠬᠠᠮᠲᠤᠷᠠᠨ ︽ᠭᠤᠷᠪᠠ ᠶᠢ ᠬᠥᠳᠡᠭᠡ ᠪᠠᠭᠤᠯᠭᠠᠬᠤ︾ ᠲᠣᠭᠤᠷᠢᠨ ᠡᠮᠴᠢᠯᠡᠬᠦ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/6/19
  ᠥᠷᠭᠡᠨ ᠣᠯᠠᠨ ᠰᠠᠭᠤᠭᠠᠯᠢ ᠠᠷᠠᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠦᠨᠡᠨ ᠬᠦ ᠬᠠᠯᠠᠮᠵᠢᠯᠠᠬᠤ ᠶᠢᠨ ᠲᠥᠯᠥᠭᠡ᠂ 6 ᠰᠠᠷ᠎ᠠ ᠶᠢᠨ 18 ᠤ ᠡᠳᠦᠷ᠂ ᠡᠪᠯᠡᠯ ᠤᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠮᠲᠤᠷᠠᠨ ︽ᠭᠤᠷᠪᠠ ᠶᠢ ᠬᠥᠳᠡᠭᠡ ᠪᠠᠭᠤᠯᠭᠠᠬᠤ︾ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃
       ᠳ᠋ᠠᠢ ᠬᠠ ᠠᠭᠤᠳᠠᠮ ᠲᠠᠯᠠᠪᠠᠢ ᠶᠢᠨ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠰᠠᠭᠤᠨ ᠯᠠᠪᠯᠠᠬᠤ᠂ ᠠᠰᠠᠭᠤᠨ ᠯᠠᠪᠯᠠᠬᠤ ᠪᠠᠷ ᠢᠷᠡᠭᠰᠡᠨ ᠰᠠᠭᠤᠭᠠᠯᠢ ᠠᠷᠠᠳ ᠬᠤᠶᠢᠨ᠎ᠠ ᠬᠤᠶᠢᠨ᠎ᠠ ᠠᠴᠠ ᠪᠠᠨ ᠴᠤᠪᠤᠷᠠᠵᠤ ᠪᠠᠶᠢᠯ᠎ᠠ᠃ ᠠᠵᠢᠯᠲᠠᠳ ︽ᠨᠥᠸᠧ ᠷᠦ᠋ ᠸᠢᠷᠦ᠋ᠰ ᠢ ᠰᠡᠷᠭᠡᠶᠢᠯᠡᠬᠦ ᠮᠡᠳᠡᠯᠭᠡ︾᠂ ︽ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠮᠡᠳᠡᠯᠭᠡ ᠶᠢᠨ ᠭᠠᠷ ᠳᠡᠪᠲᠡᠷ ︾ ᠪᠣᠯᠤᠨ ︽ᠠᠶᠢᠽ ᠡᠪᠡᠳᠴᠢᠨ ᠤ ᠮᠡᠳᠡᠯᠭᠡ ᠶᠢᠨ ᠤᠩᠰᠢᠬᠤ ᠪᠢᠴᠢᠭ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠡᠮᠴᠢ ᠰᠤᠪᠢᠯᠠᠭᠴᠢᠳ ᠣᠯᠠᠨ ᠲᠦᠮᠡᠨ ᠤ ᠴᠢᠰᠤᠨ ᠳᠠᠷᠤᠯᠲᠠ ᠶᠢ ᠬᠡᠮᠵᠢᠬᠦ᠂ ᠴᠢᠰᠤᠨ ᠰᠢᠬᠢᠷ ᠢ ᠬᠡᠮᠵᠢᠵᠦ᠂ ᠲᠡᠳᠡᠨ ᠤ ᠪᠡᠶ᠎ᠡ ᠶᠢᠨ ᠪᠠᠶᠢᠳᠠᠯ ᠢ ᠨᠠᠷᠢᠨ ᠪᠠᠶᠢᠴᠠᠭᠠᠬᠤ ᠶᠢᠨ ᠬᠠᠮᠲᠤ ᠡᠪᠡᠳᠴᠢᠨ ᠤ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠪᠠᠰᠠ ᠲᠤᠬᠠᠶ ᠶᠢᠨ ᠲᠠᠯᠠᠪᠤᠷ ᠲᠤ ᠵᠢᠷᠦᠬᠡ ᠠᠭᠤᠰᠬᠢᠨ ᠤ ᠰᠡᠷᠭᠦᠭᠡᠯᠲᠡ ᠶᠢᠨ ᠦᠵᠡᠭᠦᠯᠦᠯᠭᠡ ᠬᠢᠵᠦ᠂ ᠬᠥᠮᠦᠨ ᠤ ᠪᠡᠶ᠎ᠡ ᠶᠢᠨ ᠵᠠᠭᠪᠤᠷ ᠢ ᠬᠡᠷᠡᠭᠯᠡᠬᠦ ᠪᠠᠷ ᠳᠠᠮᠵᠢᠭᠤᠯᠤᠨ ᠴᠡᠭᠡᠵᠢᠨ ᠭᠠᠳᠠᠨ᠎ᠠ ᠳᠠᠷᠤᠯᠲᠠ ᠪᠠ ᠬᠥᠮᠦᠨ ᠤ ᠬᠦᠴᠦ ᠪᠠᠷ ᠠᠮᠢᠰᠬᠤᠭ᠎ᠠ ᠠᠪᠬᠤ ᠵᠡᠷᠭᠡ ᠠᠵᠢᠯᠯᠠᠭᠠᠨ ᠤ ᠵᠢᠱᠢᠶ᠎ᠡ ᠦᠵᠡᠭᠦᠯᠵᠦ᠂ ᠰᠠᠭᠤᠭᠠᠯᠢ ᠠᠷᠠᠳ ᠤᠨ ᠠᠯᠬᠤᠮ ᠳᠠᠷᠠᠭ᠎ᠠ ᠨᠢᠭᠡᠪᠦᠷᠢ ᠶᠢᠨ ᠠᠵᠢᠯᠯᠠᠭᠠᠨ ᠤ ᠠᠷᠭ᠎ᠠ ᠪᠠ ᠠᠩᠬᠠᠷᠬᠤ ᠵᠦᠢᠯᠡᠰ ᠢ ᠬᠦᠯᠢᠴᠡᠩᠭᠦᠶ ᠪᠠᠷ ᠵᠢᠯᠣᠭᠤᠳᠴᠤ᠂ ᠣᠯᠠᠨ ᠤ ᠨᠢᠭᠡᠳᠦᠯᠲᠡᠶ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ ᠬᠤᠩ ᠮᠤᠤ ᠪᠠᠯᠭᠠᠰᠤᠨ ᠤ ᠰᠠᠭᠤᠭᠠᠯᠢ ᠠᠷᠠᠳ ᠰᠦᠨ ᠰᠢᠶᠤᠤ ᠪᠥᠸᠧ᠄ ︽ᠪᠢ ᠥᠨᠥᠳᠦᠷ ᠮᠠᠰᠢ ᠡᠷᠲᠡ ᠢᠷᠡᠵᠡᠢ᠂ ᠡᠮᠴᠢ ᠮᠠᠰᠢ ᠲᠤᠰᠬᠠᠶ ᠮᠡᠷᠭᠡᠵᠢᠯ ᠲᠠᠢ᠂ ᠨᠠᠳᠠ ᠳᠤ ᠴᠢᠰᠤᠨ ᠰᠢᠬᠢᠷ ᠤᠨ ᠴᠢᠰᠤᠨ ᠳᠠᠷᠤᠯᠲᠠ ᠶᠢ ᠬᠡᠮᠵᠢᠨ ᠥᠭᠭᠦᠭᠰᠡᠨ ᠢᠶᠠᠷ ᠪᠠᠷᠠᠬᠤ ᠥᠬᠡᠶ᠂ ᠪᠠᠰᠠ ᠮᠠᠰᠢ ᠣᠯᠠᠨ ᠬᠡᠷᠡᠭᠯᠡᠭᠡᠨ ᠤ ᠡᠷᠡᠭᠦᠯ ᠮᠡᠨᠳᠦ ᠶᠢᠨ ᠰᠠᠨᠠᠭᠤᠯᠭ᠎ᠠ ᠥᠭᠭᠦᠭᠰᠡᠨ ᠪᠠᠶᠢᠨ᠎ᠠ᠃ ᠡᠶᠢᠮᠦᠷᠬᠦ ᠠᠵᠢᠯᠯᠠᠭ᠎ᠠ ᠨᠢ ᠪᠢᠳᠡᠨ ᠳᠤ ᠠᠪᠴᠤ ᠬᠡᠯᠡᠪᠡᠯ ᠮᠠᠰᠢ ᠰᠠᠶᠢᠨ᠂ ᠬᠤᠶᠢᠰᠢᠳᠠ ᠢᠯᠡᠭᠦᠬᠡᠨ ᠥᠷᠨᠢᠭᠦᠯᠬᠦ ᠶᠢ ᠬᠦᠰᠡᠵᠦ ᠪᠠᠶᠢᠨ᠎ᠠ︾ ᠭᠡᠵᠦ ᠬᠡᠯᠡᠪᠡ᠃
   ᠯᠢᠶᠠᠩᠴᠧᠩ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠨᠠᠮ ᠤᠨ ᠡᠭᠦᠷ ᠤᠨ ᠱᠦᠵᠢ ᠸᠧᠨ ᠱᠤ᠋ ᠬᠤᠸᠠ᠄ ︽ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠳᠤ᠂ ᠪᠢᠳᠡ ᠰᠠᠯᠠᠭ᠎ᠠ ᠲᠠᠰᠤᠭ ᠤᠨ ᠭᠤᠤᠯᠯᠠᠭᠴᠢ ᠬᠦᠴᠦᠨ ᠨᠡᠶᠢᠲᠡ 16 ᠬᠥᠮᠦᠨ ᠢ ᠵᠣᠬᠢᠶᠠᠨ ᠪᠠᠶᠢᠭᠤᠯᠵᠤ᠂ ᠳᠣᠲᠣᠷ ᠡᠮᠨᠡᠯᠭᠡ᠂ ᠭᠠᠳᠠᠷ ᠡᠮᠨᠡᠯᠭᠡ᠂ ᠬᠡᠲᠦ ᠳᠠᠭᠤᠨ ᠪᠠᠶᠢᠴᠠᠭᠠᠯᠲᠠ ᠵᠡᠷᠭᠡ ᠲᠥᠷᠥᠯ ᠵᠦᠢᠯ ᠢ ᠥᠷᠨᠢᠭᠦᠯᠵᠦ᠂ ᠣᠷᠣᠯᠴᠠᠭᠰᠠᠨ ᠣᠯᠠᠨ ᠲᠦᠮᠡᠨ ᠳᠤ ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ ᠥᠨᠳᠥᠷ ᠠᠩᠬ᠎ᠠ ᠠᠯᠬᠤᠮ ᠤᠨ ᠰᠢᠭᠰᠢᠨ ᠪᠠᠶᠢᠴᠠᠭᠠᠯᠲᠠ ᠬᠢᠵᠡᠶ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠰᠠᠭᠤᠭᠠᠯᠢ ᠠᠷᠠᠳ ᠤᠨ ᠦᠷᠭᠦᠯᠵᠢ ᠲᠣᠬᠢᠶᠠᠯᠳᠤᠳᠠᠭ ᠡᠪᠡᠳᠴᠢᠨ ᠤ ᠤᠳᠠᠭᠠᠨ ᠴᠢᠨᠠᠷᠲᠠᠶ ᠡᠪᠡᠳᠴᠢᠨ ᠡᠮᠭᠡᠭ ᠢ ᠲᠠᠨᠢᠬᠤ ᠪᠠ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠪᠠᠰᠠ ᠲᠦᠷᠭᠡᠨ ᠡᠮᠨᠡᠬᠦ ᠲᠦᠷᠭᠡᠨ ᠠᠪᠤᠷᠠᠬᠤ ᠮᠡᠷᠭᠡᠵᠢᠯ ᠢ ᠠᠩᠬ᠎ᠠ ᠠᠯᠬᠤᠮ ᠡᠵᠡᠮᠰᠢᠭᠰᠡᠨ ᠪᠠᠶᠢᠨ᠎ᠠ᠃︾                                         ᠨᠠᠶᠢᠷᠠᠭᠤᠯᠤᠭᠴᠢ᠄   ᠴᠧᠨ ᠰᠢᠶᠤᠤ ᠵᠢᠤᠸᠠᠨ                                         ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2