ᠮᠠᠩᠬᠠᠨ ᠪᠠᠯᠭᠠᠰᠤᠨ ᠤ ᠪᠠ ᠳ᠋ᠢ ᠲᠣᠰᠬᠤᠨ ᠠᠩᠬᠠᠳᠤᠭᠠᠷ ᠬᠤᠭᠤᠴᠠᠭᠠᠨ ᠤ ︽ᠬᠥᠳᠡᠭᠡ ᠲᠣᠰᠬᠤᠨ ᠤ ᠶᠡᠭᠡ ᠲᠠᠪᠴᠠᠩ ᠤᠨ ᠲᠠᠷᠢᠶᠠᠴᠢᠳ ᠤᠨ ᠴᠤᠭ ᠵᠢᠪᠬᠤᠭ᠎ᠠ︾ ᠬᠥᠳᠡᠭᠡ ᠲᠣᠰᠬᠤᠨ ᠤ ᠰᠣᠶᠣᠯ ᠤᠨ ᠨᠠᠶᠢᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/21
    ᠣᠶᠢᠷ᠎ᠠ ᠳᠤ᠂ ᠪᠠ ᠳ᠋ᠢ ᠲᠣᠰᠬᠤᠨ ᠠᠩᠬᠠᠳᠤᠭᠠᠷ ᠬᠤᠭᠤᠴᠠᠭᠠᠨ ᠤ ︽ᠬᠥᠳᠡᠭᠡ ᠲᠣᠰᠬᠤᠨ ᠤ ᠰᠣᠶᠣᠯ ᠤᠨ ᠨᠠᠶᠢᠷ︾᠎ ᠤᠨ ᠠᠵᠢᠯᠯᠠᠭ᠎ᠠ ᠥᠷᠨᠢᠭᠦᠯᠵᠦ᠂ ᠱᠠᠩᠳᠤ ᠰᠢᠶᠠᠨ ᠤ ᠠᠷᠠᠳ ᠤᠨ ᠲᠣᠭᠯᠠᠯᠲᠠ ᠶᠢᠨ ᠪᠦᠯᠬᠦᠮ ᠪᠠ ᠪᠠ ᠳ᠋ᠢ ᠲᠣᠰᠬᠤᠨ ᠤ ᠤᠳᠬ᠎ᠠ ᠤᠷᠠᠯᠢᠭ ᠤᠨ ᠳᠤᠷ᠎ᠠ ᠪᠠᠭ᠋ᠠᠲᠠᠳ ᠬᠥᠳᠡᠭᠡ ᠲᠣᠰᠬᠤᠨ ᠤ ᠶᠡᠭᠡ ᠲᠠᠪᠴᠠᠩ ᠳᠤ ᠴᠤᠭᠯᠠᠷᠠᠵᠤ᠂ ᠳᠠᠭᠤᠯᠠᠨ ᠪᠥᠵᠢᠭᠯᠡᠵᠦ᠂ ᠲᠣᠰᠬᠤᠨ ᠤ ᠠᠷᠠᠳ ᠤᠨ ᠥᠩᠭᠡ ᠢᠯᠭᠠᠷᠠᠭᠰᠠᠨ ᠵᠣᠯ ᠵᠢᠷᠭᠠᠯᠲᠤ ᠠᠮᠢᠳᠤᠷᠠᠯ ᠪᠠ ᠤᠬᠠᠮᠰᠠᠷ ᠠᠴᠠ ᠪᠠᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠢᠲᠡᠭᠡᠯ ᠵᠣᠷᠢᠭ ᠢ ᠢᠯᠡᠷᠡᠭᠦᠯᠪᠡ᠃
      ᠲᠣᠰ ᠤᠳᠠᠭᠠᠨ ᠤ ᠰᠣᠶᠣᠯ ᠤᠨ ᠠᠵᠢᠯᠯᠠᠭ᠎ᠠ ᠨᠢ ︽ᠤᠮᠠᠷᠠᠲᠤ ᠬᠢᠯᠢ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠡᠶ᠎ᠡ ᠵᠣᠬᠢᠴᠠᠯ ᠲᠠᠢ ᠬᠡᠷ ᠣᠷᠣᠨ ᠢ ᠬᠠᠮᠲᠤ ᠪᠠᠷ ᠴᠣᠭᠴᠠᠯᠠᠶ᠎ᠠ︾ ᠭᠡᠬᠦ ᠭᠤᠤᠯ ᠰᠡᠳᠦᠪ ᠤᠨ ᠲᠣᠭᠤᠷᠢᠨ ᠳᠤ᠂ ᠰᠠᠶᠢᠨ ᠳᠤᠷ᠎ᠠ ᠶᠢᠨ ᠵᠠᠷᠴᠢᠮ ᠢ ᠪᠠᠷᠢᠮᠲᠠᠯᠠᠨ᠂ ᠪᠠ ᠳ᠋ᠢ ᠲᠣᠰᠬᠤᠨ ᠤ ᠠᠷᠠᠳ ᠤᠨ ᠰᠣᠶᠣᠯ ᠤᠨ ᠠᠵᠢᠯᠯᠠᠭ᠎ᠠ ᠶᠢᠨ ᠪᠡᠯᠡᠳᠬᠡᠯ ᠳᠤᠭᠤᠶᠢᠯᠠᠩ ᠢ ᠪᠠᠶᠢᠭᠤᠯᠵᠤ᠂ ᠲᠣᠰᠬᠤᠨ ᠪᠣᠯᠭᠠᠨ ᠳᠤ ᠰᠣᠶᠣᠯ ᠤᠨ ᠠᠵᠢᠯᠯᠠᠭ᠎ᠠ ᠶᠢᠨ ᠰᠠᠨᠠᠭᠠᠴᠢᠯᠠᠭ᠎ᠠ ᠭᠠᠷᠭᠠᠵᠤ᠂ ᠣᠯᠠᠨ ᠢᠶᠠᠷ ᠢᠶᠠᠨ ᠬᠤᠶᠢᠨ᠎ᠠ ᠬᠤᠶᠢᠨ᠎ᠠ ᠠᠴᠠ ᠪᠠᠨ ᠨᠡᠷ᠎ᠡ ᠮᠡᠳᠡᠭᠦᠯᠵᠦ᠂ ᠨᠡᠶᠢᠲᠡ 140 ᠭᠠᠷᠤᠶ ᠬᠥᠮᠦᠨ ᠨᠡᠷ᠎ᠡ ᠮᠡᠳᠡᠭᠦᠯᠵᠦ᠂ 300 ᠭᠠᠷᠤᠶ ᠬᠥᠮᠦᠨ ᠠᠴᠠ ᠳᠡᠭᠡᠭᠰᠢ ᠲᠣᠭᠯᠠᠯᠲᠠ ᠶᠢ ᠰᠣᠨᠢᠷᠬᠠᠵᠤ᠂ ᠲᠣᠭᠯᠠᠯᠲᠠ ᠳᠤ ᠣᠷᠣᠯᠴᠠᠭᠰᠠᠨ ᠲᠣᠰᠬᠤᠨ ᠤ ᠠᠷᠠᠳ 24 ᠬᠥᠮᠦᠨ ᠪᠠᠶᠢᠨ᠎ᠠ᠃ ᠲᠣᠭᠯᠠᠯᠲᠠ ᠨᠢ ︽ᠬᠦᠰᠡᠯᠡᠩ ᠤᠨ ᠬᠡᠭᠡᠷ᠎ᠡ ᠲᠠᠯ᠎ᠠ︾  ᠵᠡᠷᠭᠡ ᠭᠤᠶᠢᠳᠠ ᠰᠠᠶᠢᠬᠠᠨ ᠫᠷᠤᠭ᠍ᠷᠠᠮ ᠤᠨ ᠳᠤᠮᠳᠠ ᠬᠥᠰᠢᠭᠡ ᠪᠠᠨ ᠰᠡᠬᠦᠵᠦ᠂ ᠤᠷᠠᠨ ᠰᠠᠶᠢᠬᠠᠨ ᠤ ᠪᠠᠭ᠋ᠠᠲᠠᠳ ᠨᠡᠩ ᠴᠤ ᠢᠳᠡᠪᠬᠢᠲᠡᠢ ᠣᠷᠣᠯᠴᠠᠵᠤ᠂ ᠬᠥᠳᠡᠭᠡ ᠲᠣᠰᠬᠤᠨ ᠤ ᠶᠡᠭᠡ ᠲᠠᠪᠴᠠᠩ ᠤᠨ ᠠᠭᠤᠷ ᠠᠮᠢᠰᠬᠤᠯ ᠢ ᠬᠥᠭᠵᠢᠶᠡᠨᠲᠡᠢ ᠪᠣᠯᠭᠠᠭᠰᠠᠨ ᠮᠥᠷᠲᠡᠭᠡᠨ ᠪᠠᠰᠠ ᠤᠳᠬ᠎ᠠ ᠤᠷᠠᠯᠢᠭ ᠨᠢ ᠬᠥᠳᠡᠭᠡ ᠲᠣᠰᠬᠤᠨ ᠤ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠪᠦᠷᠬᠦᠴᠡ ᠶᠢᠨ ᠨᠤᠷᠮ᠎ᠠ ᠶᠢ ᠳᠡᠭᠡᠭᠰᠢᠯᠡᠭᠦᠯᠵᠡᠢ᠃
      ᠲᠡᠷᠢ ᠲᠡᠭᠰᠢ ᠠᠵᠢᠯᠯᠠᠭ᠎ᠠ᠂ ᠨᠠᠷᠢᠯᠢᠭ ᠪᠠᠭᠠᠵᠢ ᠬᠡᠷᠡᠭᠰᠡᠯ᠂ ᠨᠢᠭᠡᠳᠦᠯᠲᠡᠢ ᠬᠤᠪᠴᠠᠰᠤ ᠬᠤᠨᠠᠷ᠂ ᠭᠤᠶᠢᠳᠠ ᠰᠠᠶᠢᠬᠠᠨ ᠪᠥᠵᠢᠭ ᠨᠢ ᠤᠳᠤ ᠦᠶ᠎ᠡ ᠶᠢᠨ ᠲᠣᠰᠬᠤᠨ ᠤ ᠠᠷᠠᠳ ᠤᠨ ᠤᠶᠤᠨ ᠰᠠᠨᠠᠭᠠᠨ ᠤ ᠠᠮᠢᠵᠢᠷᠠᠯ ᠤᠨ ᠬᠦᠴᠦᠨ ᠢ ᠢᠯᠡᠷᠡᠭᠦᠯᠵᠦ᠂ ᠨᠡᠩ ᠴᠤ ᠬᠥᠮᠦᠰ ᠲᠤ ᠡᠶ᠎ᠡ ᠵᠣᠬᠢᠴᠠᠩᠭᠤᠢ ᠰᠢᠨ᠎ᠡ ᠬᠡᠪ ᠰᠤᠷᠲᠠᠯ ᠢ ᠡᠳ᠋ᠯᠡᠭᠦᠯᠦᠨ᠎ᠡ᠃ ᠶᠠᠩᠭᠠᠷ ᠤᠨ ᠠᠵᠢᠯᠯᠠᠭ᠎ᠠ ᠳᠤᠮᠳᠠ᠂ ᠲᠣᠰᠬᠤᠨ ᠤ ᠠᠷᠠᠳ ᠡᠯ᠎ᠡ ᠴᠤᠭ ᠵᠢᠪᠬᠤᠭ᠎ᠠ ᠪᠠᠳᠠᠷᠠᠩᠭᠤᠶ ᠪᠠᠶᠢᠵᠤ᠂ ᠲᠣᠰᠬᠤᠨ ᠤ ᠠᠷᠠᠳ ᠤᠨ ᠰᠠᠶᠢᠨ ᠰᠠᠶᠢᠬᠠᠨ ᠵᠣᠯ ᠵᠢᠷᠭᠠᠯᠲᠤ ᠠᠮᠢᠳᠤᠷᠠᠯ ᠢᠶᠠᠨ ᠤᠯᠠᠮ ᠠᠴᠠ ᠤᠯᠠᠮ ᠰᠠᠶᠢᠨ ᠰᠠᠶᠢᠬᠠᠨ ᠪᠣᠯᠭᠠᠬᠤ ᠶᠢᠨ ᠬᠠᠮᠲᠤ᠂ ᠲᠣᠰᠬᠤᠨ ᠤ ᠠᠷᠠᠳ ᠤᠨ ᠬᠤᠭᠤᠷᠣᠨᠳᠣᠬᠢ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠬᠠᠷᠢᠯᠴᠠᠭ᠎ᠠ ᠪᠠᠨ ᠴᠢᠩᠭᠠᠳᠬᠠᠵᠤ᠂ ᠬᠤᠭᠤᠷᠣᠨᠳᠣᠬᠢ ᠬᠠᠷᠢᠴᠠᠭ᠎ᠠ ᠪᠠᠨ ᠨᠠᠩ ᠨᠢᠭᠲᠠ ᠪᠣᠯᠭᠠᠵᠤ᠂ ᠵᠡᠭᠡᠯᠢ ᠭᠤᠳᠤᠮᠵᠢ ᠶᠢᠨ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠬᠠᠷᠢᠴᠠᠭ᠎ᠠ ᠶᠢ ᠨᠠᠩ ᠪᠦᠯᠬᠦᠮᠳᠡᠯ ᠲᠠᠢ᠂ ᠨᠥᠬᠦᠷᠰᠡᠭ ᠢᠶᠠᠷ ᠳᠠᠶᠢᠴᠢᠯᠠᠭᠰᠠᠨ ᠪᠠᠶᠢᠨ᠎ᠠ᠃    ᠲᠠᠷᠢᠶᠠᠴᠢᠳ ᠤᠨ ᠲᠣᠭᠯᠠᠯᠲᠠ᠂ ᠲᠠᠷᠢᠶᠠᠴᠢᠳ ᠢ ᠦᠵᠡᠬᠦ᠂ ᠲᠠᠷᠢᠶᠠᠴᠢᠨ ᠠᠷᠠᠳ ᠢ ᠪᠠᠶᠠᠰᠬᠠᠬᠤ ᠨᠢ ᠤᠯᠠᠨ ᠲᠦᠮᠡᠨ ᠤ ᠨᠡᠩ ᠤᠯᠠᠨ ᠰᠢᠯᠢᠳᠡᠭ ᠲᠠᠷᠢᠶᠠᠴᠢᠨ ᠤ ᠪᠦᠲᠦᠭᠡᠯ ᠢ ᠵᠣᠬᠢᠶᠠᠨ ᠪᠦᠲᠦᠭᠡᠵᠦ᠂ ᠣᠷᠣᠰᠢᠨ ᠰᠠᠭᠤᠵᠤ ᠠᠵᠢᠯ ᠦᠢᠯᠡᠰ ᠪᠤᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠬᠢᠵᠦ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ ᠢ ᠪᠤᠶᠢᠵᠢᠭᠤᠯᠵᠤ᠂ ᠲᠠᠷᠢᠶᠠᠴᠢᠳ ᠤᠨ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠬᠥᠳᠡᠭᠡ ᠲᠣᠰᠬᠤᠨ ᠤ ᠰᠣᠶᠣᠯ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠨᠡᠩ ᠰᠠᠶᠢᠲᠤᠷ ᠢᠯᠡᠷᠡᠭᠦᠯᠬᠦ ᠳᠤ ᠠᠰᠢᠭᠲᠠᠢ ᠶᠤᠮ᠃ ᠲᠣᠰᠬᠤᠨ ᠤ ᠠᠷᠠᠳ ᠶᠠᠨ ᠯᠢᠶᠠᠨ ᠴᠧᠩ ᠬᠡᠯᠡᠬᠦ ᠳᠡᠭᠡᠨ᠂ ᠬᠠᠰᠢᠯᠭ᠎ᠠ ᠶᠢᠨ ᠵᠢᠯ ᠤᠨ ᠡᠴᠦᠰ ᠲᠤ ᠡᠨᠡ ᠲᠥᠷᠥᠯ ᠤᠨ ᠰᠣᠶᠣᠯ ᠤᠨ ᠠᠵᠢᠯᠯᠠᠭ᠎ᠠ ᠶᠢ ᠡᠷᠬᠢᠯᠡᠵᠦ᠂ ᠣᠯᠠᠨ ᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠡᠶ᠃                                          ᠨᠠᠶᠢᠷᠠᠭᠤᠯᠤᠭᠴᠢ᠄   ᠶᠠᠩ  ᠿᠦᠢ ᠵᠧᠨ                                           ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2