ᠯᠢᠶᠠᠩᠴᠧᠩ ᠰᠢᠶᠠᠨ ︽ᠰᠤᠷᠤᠯᠴᠠᠯᠭ᠎ᠠ ᠎ ᠶᠢᠨ  ᠬᠦᠴᠦᠷᠬᠡᠭ ᠤᠯᠤᠰ︾ ᠬᠡᠷᠡᠭᠯᠡᠭᠡᠨ ᠤ ᠲᠠᠪᠴᠠᠩ ᠢ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/21
   ︽ᠰᠤᠷᠤᠯᠴᠠᠯᠭ᠎ᠠ ᠶᠢᠨ ᠬᠦᠴᠦᠷᠬᠡᠭ ᠤᠯᠤᠰ︾᠎ ᠤᠨ ᠬᠡᠷᠡᠭᠯᠡᠭᠡᠨ ᠤ ᠲᠠᠪᠴᠠᠩ ᠤᠨ ᠲᠦᠭᠡᠮᠡᠯᠵᠢᠯᠲᠡ ᠪᠠ ᠬᠡᠷᠡᠭᠯᠡᠯᠲᠡ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠬᠤᠩ ᠮᠤᠤ ᠪᠠᠯᠭᠠᠰᠤᠨ ᠳᠤ ᠭᠦᠨᠵᠡᠭᠡᠶᠢᠷᠡᠨ ︽ᠰᠤᠷᠤᠯᠴᠠᠯᠭ᠎ᠠ ᠶᠢᠨ ᠬᠦᠴᠦᠷᠬᠡᠭ ᠤᠯᠤᠰ︾᠎ ᠤᠨ ᠬᠡᠷᠡᠭᠯᠡᠭᠡᠨ ᠤ ᠲᠠᠪᠴᠠᠩ ᠤᠨ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠨᠢᠭᠤᠷᠳᠠᠨ ᠳᠡᠯᠭᠡᠷᠡᠭᠦᠯᠬᠦ᠂ ᠪᠡᠶ᠎ᠡ ᠪᠠᠷ ᠢᠶᠠᠨ ᠵᠢᠭᠠᠨ ᠰᠤᠷᠭᠠᠬᠤ ᠠᠷᠭ᠎ᠠ ᠬᠡᠯᠪᠡᠷᠢ ᠪᠠᠷ ᠥᠷᠭᠡᠨ ᠤᠯᠠᠨ ᠺᠠᠳ᠋ᠷ ᠤᠯᠠᠨ ᠲᠦᠮᠡᠨ ᠳᠤ ︽ᠰᠤᠷᠤᠯᠴᠠᠯᠭ᠎ᠠ ᠶᠢᠨ ᠬᠦᠴᠦᠷᠬᠡᠭ ᠤᠯᠤᠰ︾᠎ ᠤᠨ ᠬᠡᠷᠡᠭᠯᠡᠭᠡᠨ ᠤ ᠲᠠᠪᠴᠠᠩ ᠤᠨ ᠴᠢᠳᠠᠮᠵᠢ ᠪᠠ ᠣᠨᠴᠠᠯᠢᠭ ᠢ ᠢᠳᠡᠪᠬᠢᠲᠡᠢ ᠲᠠᠨᠢᠯᠴᠠᠭᠤᠯᠪᠠ᠃ ᠡᠭᠦᠨ ᠤ ᠬᠠᠮᠲᠤ᠂ ᠠᠵᠢᠯᠲᠠᠳ ᠪᠠᠰᠠ ︽ᠰᠤᠷᠤᠯᠴᠠᠯᠭ᠎ᠠ ᠶᠢᠨ ᠬᠦᠴᠦᠷᠬᠡᠭ ᠤᠯᠤᠰ︾᠎ ᠤᠨ APP᠎ ᠶᠢᠨ ᠬᠡᠷᠡᠭᠯᠡᠬᠦ ᠤᠷ᠎ᠠ ᠮᠡᠷᠭᠡᠵᠢᠯ ᠢ ᠨᠠᠷᠢᠨ ᠲᠠᠶᠢᠯᠪᠤᠷᠢᠯᠠᠵᠤ᠂ ᠣᠷᠣᠯᠴᠠᠭᠴᠢ ᠨᠢᠭᠡᠪᠦᠷᠢ ᠴᠥᠮ ᠠᠮᠠᠷᠬᠠᠨ ᠭᠠᠷ ᠣᠷᠣᠬᠤ ᠶᠢ ᠪᠠᠲᠤᠯᠠᠵᠤ᠂ ᠡᠨᠡ ᠬᠦ ᠲᠠᠪᠴᠠᠩ ᠢ ᠭᠦᠢᠴᠡᠳ ᠠᠰᠢᠭᠯᠠᠨ ᠰᠤᠷᠤᠯᠴᠠᠨ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠪᠠ᠃
      ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠬᠡᠷᠡᠭᠯᠡᠭᠡᠨ ᠤ ᠲᠠᠪᠴᠠᠩ ᠢ ᠲᠦᠭᠡᠮᠡᠯᠵᠢᠭᠦᠯᠦᠨ ᠬᠡᠷᠡᠭᠯᠡᠬᠦ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠣᠯᠠᠨ ᠢᠶᠠᠷ ᠢᠶᠠᠨ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠲᠠᠪᠴᠠᠩ ᠢ ᠭᠦᠢᠴᠡᠳ ᠠᠰᠢᠭᠯᠠᠨ ᠰᠤᠷᠤᠯᠴᠠᠵᠤ ᠂ ᠥᠪᠡᠷ ᠤᠨ ᠤᠯᠤᠰ ᠲᠥᠷᠥ ᠶᠢᠨ ᠬᠡᠪ ᠪᠣᠯᠪᠠᠰᠤᠷᠠᠯ ᠪᠠ ᠮᠡᠳᠡᠯᠭᠡ ᠶᠢᠨ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃                                          ᠨᠠᠶᠢᠷᠠᠭᠤᠯᠤᠭᠴᠢ᠄   ᠶᠠᠩ  ᠿᠦᠢ ᠵᠧᠨ                                           ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2