︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠬᠡᠷᠡᠭᠯᠡᠭᠡᠨ ᠤ ᠲᠠᠪᠴᠠᠩ ᠤᠨ ᠲᠦᠭᠡᠮᠡᠯᠵᠢᠯᠲᠡ ᠪᠠ | ᠬᠡᠷᠡᠭᠯᠡᠯᠲᠡ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠰᠢᠶᠠᠨ ᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠬᠤᠩ ᠮᠤᠤ ᠪᠠᠯᠭᠠᠰᠤᠨ ᠳᠤ ᠭᠦᠨᠵᠡᠭᠡᠶᠢᠷᠡᠨ ︽ᠰᠤᠷᠤᠯᠴᠠᠯᠭ᠎ᠠ ᠶᠢᠨ ᠬᠦᠴᠦᠷᠬᠡᠭ | ᠤᠯᠤᠰ︾ ᠤᠨ ᠬᠡᠷᠡᠭᠯᠡᠭᠡᠨ ᠤ ᠲᠠᠪᠴᠠᠩ ᠤᠨ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠥᠷᠨᠢᠭᠦᠯᠪᠡ᠃ | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠨᠢᠭᠤᠷᠳᠠᠨ ᠳᠡᠯᠭᠡᠷᠡᠭᠦᠯᠬᠦ᠂ ᠪᠡᠶ᠎ᠡ ᠪᠠᠷ ᠢᠶᠠᠨ ᠵᠢᠭᠠᠨ | ᠰᠤᠷᠭᠠᠬᠤ ᠠᠷᠭ᠎ᠠ ᠬᠡᠯᠪᠡᠷᠢ ᠪᠠᠷ ᠥᠷᠭᠡᠨ ᠤᠯᠠᠨ ᠺᠠᠳ᠋ᠷ ᠤᠯᠠᠨ ᠲᠦᠮᠡᠨ ᠳᠤ ︽ᠰᠤᠷᠤᠯᠴᠠᠯᠭ᠎ᠠ ᠶᠢᠨ ᠬᠦᠴᠦᠷᠬᠡᠭ | ᠤᠯᠤᠰ︾ ᠤᠨ ᠬᠡᠷᠡᠭᠯᠡᠭᠡᠨ ᠤ ᠲᠠᠪᠴᠠᠩ ᠤᠨ ᠴᠢᠳᠠᠮᠵᠢ ᠪᠠ ᠣᠨᠴᠠᠯᠢᠭ ᠢ ᠢᠳᠡᠪᠬᠢᠲᠡᠢ ᠲᠠᠨᠢᠯᠴᠠᠭᠤᠯᠪᠠ᠃ ᠡᠭᠦᠨ ᠤ | ᠬᠠᠮᠲᠤ᠂ ᠠᠵᠢᠯᠲᠠᠳ ᠪᠠᠰᠠ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ APP ᠶᠢᠨ ᠬᠡᠷᠡᠭᠯᠡᠬᠦ ᠤᠷ᠎ᠠ | ᠮᠡᠷᠭᠡᠵᠢᠯ ᠢ ᠨᠠᠷᠢᠨ ᠲᠠᠶᠢᠯᠪᠤᠷᠢᠯᠠᠵᠤ᠂ ᠣᠷᠣᠯᠴᠠᠭᠴᠢ ᠨᠢᠭᠡᠪᠦᠷᠢ ᠴᠥᠮ ᠠᠮᠠᠷᠬᠠᠨ ᠭᠠᠷ ᠣᠷᠣᠬᠤ ᠶᠢ ᠪᠠᠲᠤᠯᠠᠵᠤ᠂ | ᠡᠨᠡ ᠬᠦ ᠲᠠᠪᠴᠠᠩ ᠢ ᠭᠦᠢᠴᠡᠳ ᠠᠰᠢᠭᠯᠠᠨ ᠰᠤᠷᠤᠯᠴᠠᠨ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠪᠠ᠃ | | | | | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ︽ᠰᠤᠷᠤᠯᠴᠠᠯᠭ᠎ᠠ ᠶᠢᠨ ᠬᠦᠴᠦᠷᠬᠡᠭ ᠤᠯᠤᠰ︾ | ᠬᠡᠷᠡᠭᠯᠡᠭᠡᠨ ᠤ ᠲᠠᠪᠴᠠᠩ ᠢ ᠲᠦᠭᠡᠮᠡᠯᠵᠢᠭᠦᠯᠦᠨ ᠬᠡᠷᠡᠭᠯᠡᠬᠦ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ | ᠣᠯᠠᠨ ᠢᠶᠠᠷ ᠢᠶᠠᠨ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠲᠠᠪᠴᠠᠩ ᠢ ᠭᠦᠢᠴᠡᠳ ᠠᠰᠢᠭᠯᠠᠨ ᠰᠤᠷᠤᠯᠴᠠᠵᠤ | ᠂ ᠥᠪᠡᠷ ᠤᠨ ᠤᠯᠤᠰ ᠲᠥᠷᠥ ᠶᠢᠨ ᠬᠡᠪ ᠪᠣᠯᠪᠠᠰᠤᠷᠠᠯ ᠪᠠ ᠮᠡᠳᠡᠯᠭᠡ ᠶᠢᠨ ᠬᠢᠷᠢ ᠲᠦᠪᠰᠢᠨ ᠢᠶᠠᠨ ᠲᠠᠰᠤᠷᠠᠯᠲᠠ ᠥᠬᠡᠶ | ᠳᠡᠭᠡᠭᠰᠢᠯᠡᠭᠦᠯᠦᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ | ᠵᠡᠭᠦᠳᠦ ᠶᠢ ᠲᠡᠷᠭᠡᠯᠰᠢᠭᠦᠯᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ |