ᠯᠢᠶᠠᠩᠴᠧᠩ ᠰᠢᠶᠠᠨ ᠰᠢᠯᠦᠭ ᠳᠠᠭᠤᠯᠠᠯ ᠤᠨ ᠨᠡᠶᠢᠭᠡᠮᠯᠢᠭ ᠤᠨ ᠭᠤᠷᠪᠠᠳᠤᠭᠠᠷ ᠬᠤᠭᠤᠴᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/24
   ᠰᠢᠯᠦᠭ ᠳᠠᠭᠤᠯᠠᠯ ᠤᠨ ᠰᠣᠶᠣᠯ ᠤᠨ ᠴᠡᠴᠡᠭᠯᠡᠯ ᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 22᠎ ᠤᠨ ᠡᠳᠦᠷ᠂ ᠯᠢᠶᠠᠩᠴᠧᠩ ᠰᠢᠶᠠᠨ ᠰᠢᠯᠦᠭ ᠳᠠᠭᠤᠯᠠᠯ ᠤᠨ ᠨᠡᠶᠢᠭᠡᠮᠯᠢᠭ ᠤᠨ ᠭᠤᠷᠪᠠᠳᠤᠭᠠᠷ ᠬᠤᠭᠤᠴᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠪᠠ᠃ ᠥᠪᠥᠷ ᠮᠣᠩᠭᠤᠯ ᠤᠨ ᠰᠢᠯᠦᠭ ᠳᠠᠭᠤᠯᠠᠯ ᠤᠨ ᠨᠡᠶᠢᠭᠡᠮᠯᠢᠭ ᠤᠨ ᠳᠠᠷᠤᠭ᠎ᠠ ᠵᠢᠶᠠ ᡁᠢ ᠢ᠂ ᠤᠯᠠᠭᠠᠨᠴᠠᠪ ᠤᠨ ᠰᠢᠯᠦᠭ ᠳᠠᠭᠤᠯᠠᠯ ᠤᠨ ᠨᠡᠶᠢᠭᠡᠮᠯᠢᠭ ᠤᠨ ᠳᠡᠳ᠋ ᠳᠠᠷᠤᠭ᠎ᠠ ᠰᠥᠩ ᠯᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
      ᠬᠤᠶᠠᠳᠤᠭᠠᠷ ᠬᠤᠭᠤᠴᠠᠭᠠᠨ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠪᠠᠶ ᠵᠢᠶᠧ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠵᠦ᠂ ᠶᠡᠭᠡ ᠬᠤᠷᠠᠯ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠯᠢᠶᠠᠩᠴᠧᠩ ᠰᠢᠶᠠᠨ ᠤ ᠰᠢᠯᠦᠭ ᠳᠠᠭᠤᠯᠠᠯ ᠤᠨ ᠨᠡᠶᠢᠭᠡᠮᠯᠢᠭ ᠤᠨ ᠲᠦᠷᠢᠮ︾᠎ ᠢ ᠪᠠᠲᠤᠯᠠᠵᠤ᠂ ᠭᠠᠷ ᠡᠷᠭᠦᠨ ᠪᠠᠲᠤᠯᠠᠬᠤ ᠬᠡᠯᠪᠡᠷᠢ ᠪᠠᠷ ᠭᠤᠷᠪᠠᠳᠤᠭᠠᠷ ᠬᠤᠭᠤᠴᠠᠭᠠᠨ ᠤ ᠰᠢᠯᠦᠭ ᠳᠠᠭᠤᠯᠠᠯ ᠤᠨ ᠨᠡᠶᠢᠭᠡᠮᠯᠢᠭ ᠤᠨ ᠤᠳᠤᠷᠢᠳᠬᠤ ᠪᠠᠭ ᠢ ᠰᠣᠩᠭᠤᠪᠠ᠃
      ᠰᠢᠨ᠎ᠡ ᠪᠠᠷ ᠰᠣᠩᠭᠤᠭᠳᠠᠭᠰᠠᠨ ᠤᠳᠤᠷᠢᠳᠬᠤ ᠪᠠᠭ ᠤᠨ ᠪᠦᠷᠢᠯᠳᠦᠬᠦᠨ ᠠᠴᠠ᠂ ᠤᠯᠠᠨ ᠤ ᠬᠦᠰᠡᠯ ᠢ ᠬᠥᠰᠡᠷᠳᠡᠭᠦᠯᠬᠦ ᠦᠭᠡᠢ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ᠂ ᠰᠤᠷᠲᠠᠯ ᠴᠢᠬᠡᠴᠢ ᠣᠪᠣᠷ ᠲᠥᠪ ᠰᠢᠯᠦᠭ ᠳᠠᠭᠤᠯᠠᠯ ᠢ ᠵᠣᠬᠢᠶᠠᠨ ᠪᠦᠲᠦᠭᠡᠬᠦ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠤᠢ ᠪᠣᠯᠭᠠᠵᠤ᠂ ᠭᠡᠰᠢᠭᠦᠳ ᠢ ᠳᠠᠭᠠᠭᠤᠯᠤᠨ ᠴᠠᠭ ᠦᠶ᠎ᠡ ᠶᠢᠨ ᠬᠦᠰᠡᠯ ᠱᠠᠭᠠᠷᠳᠠᠯᠭ᠎ᠠ ᠶᠢ ᠲᠤᠰᠬᠠᠵᠤ᠂ ᠡᠷᠬᠢᠮ ᠳᠡᠭᠡᠳᠦ ᠵᠠᠩ ᠰᠡᠳᠬᠢᠯᠭᠡ ᠶᠢ ᠬᠥᠮᠦᠵᠢᠭᠦᠯᠬᠦ ᠨᠡᠩ ᠤᠯᠠᠨ ᠰᠢᠯᠢᠳᠡᠭ ᠰᠢᠯᠦᠭ ᠳᠠᠭᠤᠯᠠᠯ ᠤᠨ ᠪᠦᠲᠦᠭᠡᠯ ᠢ ᠨᠡᠩ ᠤᠯᠠᠨ ᠭᠠᠷᠭᠠᠬᠤ ᠪᠣᠯᠤᠨ᠎ᠠ᠃ ᠬᠤᠷᠠᠯ ᠳᠡᠭᠡᠷ᠎ᠡ ᠪᠠᠰᠠ ᠰᠢᠨ᠎ᠡ ᠪᠠᠷ ᠤᠷᠢᠵᠤ ᠬᠡᠷᠡᠭᠯᠡᠬᠦ ᠵᠥᠪᠯᠡᠭᠴᠢ᠂ ᠨᠡᠶᠢᠭᠡᠮᠯᠢᠭ ᠤᠨ ᠳᠠᠷᠤᠭ᠎ᠠ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠨᠡᠷᠡᠰ ᠢ ᠨᠡᠶᠢᠲᠡᠯᠡᠪᠡ᠃ ᠡᠲᠡᠭᠡᠷ ᠰᠢᠨ᠎ᠡ ᠪᠦᠷᠢᠯᠳᠦᠬᠦᠨ ᠤ ᠣᠷᠣᠯᠴᠠᠭᠰᠠᠨ ᠨᠢ ᠰᠤᠷᠬᠤ ᠳᠤ ᠰᠢᠨ᠎ᠡ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠢ ᠨᠡᠮᠡᠷᠢᠯᠡᠵᠦ᠂ ᠠᠵᠢᠯ ᠢᠶᠠᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠪᠣᠯᠤᠨ᠎ᠠ᠃
   ᠲᠣᠰ ᠤᠳᠠᠭᠠᠨ ᠤ ᠶᠡᠭᠡ ᠬᠤᠷᠠᠯ ᠢ ᠬᠤᠷᠠᠯᠳᠤᠭᠰᠠᠨ ᠨᠢ ᠪᠥᠬᠦ ᠰᠢᠶᠠᠨ ᠤ ᠰᠢᠯᠦᠭ ᠳᠠᠭᠤᠯᠠᠯ ᠢ ᠵᠣᠬᠢᠶᠠᠨ ᠪᠦᠲᠦᠭᠡᠬᠦ ᠪᠠ ᠬᠥᠭᠵᠢᠭᠦᠯᠬᠦ‍ ᠨᠢᠭᠡ ᠤᠳᠠᠭᠠᠨ ᠤ ᠪᠥᠬᠦ ᠲᠠᠯ᠎ᠠ ᠶᠢᠨ ᠰᠢᠯᠭᠠᠯᠲᠠ ᠪᠣᠯᠬᠤ ᠪᠠᠷ ᠪᠠᠷᠠᠬᠤ ᠥᠬᠡᠶ᠂ ᠨᠠᠩ ᠴᠤ ᠮᠠᠨ ᠤ ᠰᠢᠶᠠᠨ ᠤ ᠰᠢᠯᠦᠭ ᠳᠠᠭᠤᠯᠠᠯ ᠢ ᠵᠣᠬᠢᠶᠠᠨ ᠪᠦᠲᠦᠭᠡᠬᠦ ᠰᠠᠶᠢᠨ ᠰᠠᠶᠢᠬᠠᠨ ᠢᠷᠡᠭᠡᠳᠦᠶ ᠶᠢ ᠪᠠᠷᠠᠯᠠᠬᠤ ᠪᠠ ᠵᠢᠷᠤᠭᠯᠠᠬᠤ ᠶᠠᠪᠤᠳᠠᠯ ᠪᠣᠯᠤᠨ᠎ᠠ᠃ ᠳᠠᠷᠠᠭᠠᠴᠢ ᠶᠢᠨ ᠠᠯᠬᠤᠮ ᠳᠤ ᠰᠢᠯᠦᠭ ᠳᠠᠭᠤᠯᠠᠯ ᠤᠨ ᠨᠡᠶᠢᠭᠡᠮᠯᠢᠭ ᠦᠷᠭᠦᠯᠵᠢᠯᠡᠨ ᠮᠠᠨ ᠤ ᠰᠢᠶᠠᠨ ᠤ ᠭᠦᠨ ᠵᠤᠵᠠᠭᠠᠨ ᠲᠡᠦᠬᠡ ᠰᠣᠶᠣᠯ ᠤᠨ ᠠᠭᠤᠯᠤᠭᠳᠠᠬᠤᠨ ᠳᠤ ᠰᠠᠭᠤᠷᠢᠯᠠᠵᠤ᠂ ᠭᠦᠨᠵᠡᠭᠡᠢ ᠠᠭᠤᠳᠠᠯᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠪᠦᠬᠦ ᠰᠢᠶᠠᠨ ᠤ ᠠᠵᠤ ᠠᠬᠤᠢ ᠰᠣᠶᠣᠯ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠤ ᠲᠤᠯᠭᠠᠭᠤᠷᠢᠯᠠᠯ ᠬᠠᠩᠭᠠᠨ᠎ᠠ᠃                                       ᠨᠠᠶᠢᠷᠠᠭᠤᠯᠤᠭᠴᠢ᠄   ᠶᠠᠩ  ᠿᠦᠢ ᠵᠧᠨ                                       ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2