ᠯᠢᠶᠠᠩᠴᠧᠩ ᠰᠢᠶᠠᠨ ᠠᠩᠬᠠᠳᠤᠭᠠᠷ ᠬᠤᠭᠤᠴᠠᠭᠠᠨ ᠤ ︽ᠠᠵᠢᠯᠲᠠᠨ  ᠤ ᠬᠤᠨᠳᠠᠭᠠᠲᠤ︾ ᠲᠠᠪᠤᠨ ᠬᠥᠮᠦᠨ ᠤ ᠳᠦᠷᠢᠮᠲᠦ ᠬᠥᠯ ᠪᠥᠮᠪᠦᠭᠡ ᠶᠢᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2024/6/24
   ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠨᠡᠶᠢᠭᠡᠮ ᠤᠨ ᠬᠥᠯ ᠪᠥᠮᠪᠦᠭᠡ ᠶᠢᠨ ᠦᠢᠯᠡᠰ ᠤᠨ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠵᠤ᠂ ᠥᠷᠭᠡᠨ ᠣᠯᠠᠨ ᠠᠵᠢᠯᠲᠠᠨ ᠠᠵᠢᠯᠴᠢᠨ ᠤ ᠠᠵᠢᠯ ᠤᠨ ᠴᠢᠯᠥᠭᠡᠨ ᠤ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠠᠵᠢᠯᠲᠠᠨ ᠠᠵᠢᠯᠴᠢᠨ ᠤ ᠣᠯᠠᠨ ᠲᠦᠮᠡᠨ ᠤ ᠪᠡᠶ᠎ᠡ ᠶᠢᠨ ᠲᠠᠮᠢᠷ ᠪᠠ ᠤᠷᠤᠯᠳᠤᠭᠠᠨ ᠤ ᠪᠡᠶ᠎ᠡ ᠶᠢᠨ ᠲᠠᠮᠢᠷ ᠤᠨ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠬᠥᠯ ᠪᠥᠮᠪᠦᠭᠡ ᠶᠢᠨ ᠬᠥᠳᠡᠯᠭᠡᠭᠡᠨ ᠤ ᠬᠥᠭᠵᠢᠯᠲᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ 6 ᠰᠠᠷ᠎ᠠ ᠶᠢᠨ 20 ᠤ ᠡᠳᠦᠷ᠂ ᠯᠢᠶᠠᠩᠴᠧᠩ ᠰᠢᠶᠠᠨ ᠤ ᠠᠵᠢᠯᠴᠢᠨ ᠤ ᠶᠡᠷᠦᠩᠬᠡᠶ ᠡᠪᠯᠡᠯ᠂ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠨᠠ ᠰᠢ ᠰᠾᠢ ᠪᠤᠯᠠᠭ ᠤᠰᠤᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠳᠡᠮᠵᠢᠭᠰᠡᠨ ᠯᠢᠶᠠᠩᠴᠧᠩ ᠰᠢᠶᠠᠨ ᠤ ︽ᠠᠵᠢᠯᠲᠠᠨ ᠠᠵᠢᠯᠴᠢᠨ ᠤ ᠬᠤᠨᠳᠠᠭᠠᠲᠤ︾ ᠲᠠᠪᠤᠨ ᠬᠥᠮᠦᠨ ᠤ ᠬᠥᠯ ᠪᠥᠮᠪᠦᠭᠡ ᠶᠢᠨ ᠤᠷᠤᠯᠳᠤᠭᠠᠨ ᠡᠬᠢᠯᠡᠪᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᡁᠢ ᠭᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠤᠷᠤᠯᠳᠤᠭᠠᠨ ᠡᠬᠢᠯᠡᠵᠦ ᠪᠥᠮᠪᠦᠭᠡ ᠡᠬᠢᠯᠡᠭᠦᠯᠵᠦ᠂ ᠰᠢᠶᠠᠨ ᠤ ᠤᠳᠤᠷᠢᠳᠤᠯᠭ᠎ᠠ ᠳ᠋ᠠᠶ ᠵᠢᠶᠠᠨ ᠵᠦᠩ᠂ ᠸᠠᠩ ᠯᠸᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
         ᠲᠤᠰ ᠤᠳᠠᠭᠠᠨ ᠤ ᠤᠷᠤᠯᠳᠤᠭᠠᠨ 5 ᠡᠳᠦᠷ ᠶᠠᠪᠤᠭᠳᠠᠵᠤ᠂ ᠪᠦᠬᠦ ᠰᠢᠶᠠᠨ ᠤ ᠡᠯ᠎ᠡ ᠦᠨᠳᠦᠰᠦᠨ ᠱᠠᠲᠤᠨ ᠤ ᠠᠵᠢᠯᠴᠢᠨ ᠤ ᠡᠪᠯᠡᠯ ᠪᠣᠯᠤᠨ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠠᠴᠠ ᠢᠷᠡᠭᠰᠡᠨ 11 ᠲᠥᠯᠥᠭᠡᠯᠡᠭᠴᠢᠳ ᠤᠨ ᠠᠩᠭᠢ᠂ 126 ᠠᠵᠢᠯᠲᠠᠨ ᠠᠵᠢᠯᠴᠢᠨ ᠤᠷᠤᠯᠳᠤᠭᠠᠨ ᠳᠤ ᠣᠷᠣᠯᠴᠠᠪᠠ᠃ ᠤᠷᠤᠯᠳᠤᠭᠠᠨ ᠤ ᠲᠤᠬᠠᠶ ᠶᠢᠨ ᠲᠠᠯᠠᠪᠠᠢ ᠳᠤ᠂ ᠲᠠᠮᠢᠷᠴᠢᠳ ᠰᠡᠳᠬᠢᠯ ᠰᠠᠨᠠᠭ᠎ᠠ ᠪᠠᠨ ᠣᠯᠣᠯᠴᠠᠵᠤ᠂ ᠪᠥᠮᠪᠦᠭᠡ ᠲᠤᠷᠭᠢᠭᠤᠯᠵᠤ᠂ ᠪᠥᠮᠪᠦᠭᠡ ᠬᠠᠮᠵᠢᠵᠤ᠂ ᠪᠥᠮᠪᠦᠭᠡ ᠢᠰᠬᠦᠯᠵᠤ ᠪᠠᠶᠢᠪᠠ ᠁ ᠠᠯᠢ ᠣᠯᠠᠨ ᠠᠵᠢᠯᠯᠠᠭ᠎ᠠ ᠡᠭᠦᠯᠡ ᠲᠠᠢ ᠶᠠᠪᠤᠭᠳᠠᠵᠤ᠂ ᠲᠠᠯᠠᠪᠠᠶ ᠶᠢᠨ ᠭᠠᠳᠠᠨ᠎ᠠ ᠦᠵᠡᠭᠴᠢᠳ ᠤᠨ ᠬᠠᠯᠠᠭᠤᠨ ᠬᠦᠷᠢᠶᠡᠯᠡᠯ ᠢ ᠣᠯᠵᠤ᠂ ᠭᠤᠶᠢᠳᠠ ᠰᠠᠶᠢᠬᠠᠨ ᠤᠷᠤᠯᠳᠤᠭᠠᠨ ᠨᠢ ᠮᠠᠨ ᠤ ᠰᠢᠶᠠᠨ ᠤ ᠺᠠᠳ᠋ᠷ ᠠᠵᠢᠯᠲᠠᠨ ᠤ ᠵᠣᠷᠢᠭᠲᠠᠶ ᠪᠠᠷ ᠲᠡᠮᠡᠴᠡᠵᠦ᠂ ᠪᠠᠶᠠᠰᠤᠩᠭᠤᠶ ᠥᠭᠡᠳᠡᠷᠬᠡᠭ ᠣᠶᠤᠨ ᠰᠠᠨᠠᠭᠠᠨ ᠤ ᠳᠦᠷᠰᠦ ᠪᠠᠶᠢᠳᠠᠯ ᠢ  ᠭᠦᠢᠴᠡᠳ ᠢᠯᠡᠷᠡᠭᠦᠯᠪᠡ᠃ ᠰᠢᠭᠦᠬᠦ ᠬᠤᠷᠢᠶ᠎ᠠ ᠪᠠᠶᠢᠴᠠᠭᠠᠬᠤ ᠠᠩᠭᠢ ᠶᠢᠨ ᠭᠡᠰᠢᠭᠦᠨ ᠵᠠᠩ ᠰᠢᠨ ᠯᠧᠢ ᠬᠡᠯᠡᠭᠰᠡᠨ ᠨᠢ᠄ ︽ᠤᠷᠤᠯᠳᠤᠭᠠᠨ ᠤ ᠲᠠᠯᠠᠪᠤᠷ ᠲᠤ᠂ ᠮᠠᠨ ᠤ ᠠᠩᠭᠢ ᠶᠢᠨ ᠨᠠᠶᠢᠵᠠ ᠨᠠᠷ ᠪᠦᠯᠬᠦᠮᠳᠡᠨ ᠬᠠᠮᠵᠢᠯᠴᠠᠵᠤ᠂ ᠰᠡᠳᠬᠢᠯ ᠰᠠᠨᠠᠭ᠎ᠠ ᠪᠠᠨ ᠣᠯᠣᠯᠴᠠᠵᠤ᠂ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ ᠶᠢ ᠠᠵᠢᠯ ᠤᠨ ᠳᠤᠮᠳᠠ ᠪᠠᠨ ᠠᠪᠴᠢᠷᠠᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠴᠤᠭ ᠪᠠᠳᠠᠷᠠᠩᠭᠤᠶ ᠲᠡᠮᠡᠴᠡᠯ ᠤᠨ ᠵᠣᠷᠢᠭ ᠢᠶᠠᠷ ᠮᠠᠨ ᠤ ᠰᠢᠶᠠᠨ ᠤ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠳᠥᠯᠭᠢᠨ ᠠᠬᠢᠭᠤᠯᠤᠨ᠎ᠠ︾ ᠭᠡᠵᠡᠶ᠃
     6 ᠰᠠᠷ᠎ᠠ ᠶᠢᠨ 24 ᠤ ᠡᠳᠦᠷ᠂ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠱᠧᠩ ᠶᠤᠸᠠᠨ ᠤᠰᠤ ᠴᠡᠪᠡᠷᠰᠢᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠥᠯᠥᠭᠡᠯᠡᠭᠴᠢᠳ ᠤᠨ ᠠᠩᠭᠢ ᠬᠠᠮᠲᠤ ᠶᠢᠨ ᠨᠢᠭᠡᠳᠦᠭᠡᠷ ᠲᠤ ᠣᠷᠣᠵᠤ᠂ ᠬᠠᠮᠲᠤᠷᠠᠨ ᠠᠵᠢᠯᠯᠠᠬᠤ ᠲᠥᠪ ᠤᠨ ᠲᠥᠯᠥᠭᠡᠯᠡᠭᠴᠢᠳ ᠤᠨ ᠠᠩᠭᠢ ᠬᠠᠮᠲᠤ ᠶᠢᠨ ᠬᠤᠶᠠᠳᠤᠭᠠᠷ ᠲᠤ ᠣᠷᠣᠵᠤ᠂ ᠨᠢᠭᠡᠳᠦᠭᠡᠷ ᠪᠠᠭ᠎ᠠ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ ᠪᠦᠯᠬᠦᠮ ᠤᠨ ᠭᠤᠷᠪᠠᠳᠤᠭᠠᠷ ᠲᠤ ᠣᠷᠣᠪᠠ᠃ ᠰᠢᠭᠦᠬᠦ ᠬᠤᠷᠢᠶ᠎ᠠ ᠪᠠᠶᠢᠴᠠᠭᠠᠬᠤ ᠲᠥᠯᠥᠭᠡᠯᠡᠭᠴᠢᠳ ᠤᠨ ᠠᠩᠭᠢ ᠪᠡᠶ᠎ᠡ ᠶᠢᠨ ᠲᠠᠮᠢᠷ ᠤᠨ ᠶᠣᠰᠣ ᠰᠤᠷᠲᠠᠬᠤᠨ ᠤ ᠱᠠᠩᠨᠠᠯ ᠭᠥᠷᠳᠡᠭᠰᠡᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠲᠥᠯᠥᠭᠡᠯᠡᠭᠴᠢᠳ ᠤᠨ ᠠᠩᠭᠢ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠭᠥᠷᠳᠡᠪᠡ᠃                                      ᠨᠠᠶᠢᠷᠠᠭᠤᠯᠤᠭᠴᠢ᠄   ᠴᠧᠨ ᠰᠢᠶᠤᠤ ᠵᠢᠤᠸᠠᠨ                                      ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2