2024 ᠣᠨ ᠳᠤ ᠯᠢᠶᠠᠩᠴᠧᠩ ᠰᠢᠶᠠᠨ ᠣᠶ ᠰᠢᠭᠤᠶ᠂ ᠡᠪᠡᠰᠦᠨ ᠤ ᠦᠢᠯᠡᠰ ᠤᠨ ᠬᠥᠨᠥᠭᠡᠯᠲᠡᠶ ᠠᠮᠢᠳᠤ ᠪᠣᠳᠠᠰ ᠤᠨ ᠰᠡᠷᠭᠡᠶᠢᠯᠡᠨ ᠵᠠᠰᠠᠯᠳᠡ ᠶᠢ 19 ᠲᠦᠮᠡᠨ ᠮᠥ ᠬᠡᠷᠡᠭᠵᠢᠭᠦᠯᠪᠡ
ᠨᠡᠶᠢᠲᠡᠯᠡᠭᠰᠡᠨ ᠴᠠᠭ᠄
2024/6/28
    2024 ᠣᠨ ᠤ ᠡᠬᠢ ᠪᠠᠷ ᠯᠢᠶᠠᠩᠴᠧᠩ ᠰᠢᠶᠠᠨ ᠤ ᠬᠢᠨ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠰᠡᠷᠭᠡᠶᠢᠯᠡᠨ ᠵᠠᠰᠠᠯᠳᠡ ᠶᠢ 3 ᠲᠦᠮᠡᠨ ᠮᠥ ᠬᠡᠷᠡᠭᠵᠢᠭᠦᠯᠬᠦ ᠪᠠᠷ ᠲᠥᠯᠥᠪᠯᠡᠵᠦ᠂ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠲᠥᠯᠥᠪᠯᠡᠭᠡ ᠶᠢ 16 ᠲᠦᠮᠡᠨ ᠮᠥ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠪᠣᠯᠬᠤ ᠨᠣᠷᠮ᠎ᠠ ᠶᠢ 10% ᠶᠢᠨ ᠳᠣᠲᠣᠷ᠎ᠠ ᠬᠢᠵᠠᠭᠠᠷᠯᠠᠨ᠎ᠠ᠃ 6 ᠳ᠋ᠤᠭᠠᠷ ᠰᠠᠷ᠎ᠠ ᠶᠢᠨ 17 ᠤ ᠡᠳᠦᠷ ᠪᠣᠯᠲᠠᠯ᠎ᠠ᠂ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠢ ᠨᠢᠭᠡᠨᠲᠡ 2.518 ᠲᠦᠮᠡᠨ ᠮᠥ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠨᠢᠭᠡᠨᠲᠡ 3 ᠲᠦᠮᠡᠨ ᠮᠥ ᠬᠡᠷᠡᠭᠵᠢᠭᠦᠯᠵᠦ᠂ ᠨᠢᠭᠡᠨᠲᠡ 29% ᠶᠢ ᠪᠡᠶᠡᠯᠡᠭᠦᠯᠪᠡ᠃ ᠲᠠᠷᠠᠭᠠᠴᠢ ᠶᠢᠨ ᠠᠯᠬᠤᠮ ᠳᠤ᠂ 6 ᠳ᠋ᠤᠭᠠᠷ ᠰᠠᠷ᠎ᠠ ᠶᠢᠨ ᠰᠡᠭᠦᠯᠴᠢ ᠪᠠᠷ ᠭᠤᠤᠯᠳᠠᠭᠤ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ 13 ᠲᠦᠮᠡᠨ ᠮᠥ ᠬᠡᠷᠡᠭᠵᠢᠬᠦᠯᠬᠦ ᠪᠠ 8 ᠳ᠋ᠤᠭᠠᠷ ᠰᠠᠷ᠎ᠠ ᠳᠤ ᠤᠯᠢᠶᠠᠰᠤᠨ ᠮᠣᠳᠣᠨ ᠤ ᠵᠢᠪᠡᠷᠡᠬᠦ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠦᠨ᠎ᠡ᠃                                 ᠤᠷᠴᠢᠭᠤᠯᠤᠭᠴᠢ᠄ ᠬᠦᠰᠡᠯ                                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2