ᠵᠧᠩ ᠳ᠋ᠦᠩ ᠫᠢᠩ ᠠᠶᠤᠯᠭᠦᠶ ᠦᠢᠯᠡᠳᠪᠦᠷᠢᠯᠡᠯ ᠤᠨ ᠠᠵᠢᠯ ᠪᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2024/6/3
  5 ᠰᠠᠷ᠎ᠠ ᠶᠢᠨ 31 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠠᠶᠤᠯᠭᠦᠶ ᠦᠢᠯᠡᠳᠪᠦᠷᠢᠯᠡᠯ ᠤᠨ ᠠᠵᠢᠯ ᠪᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠠ᠃ ᠰᠢᠶᠠᠨ ᠤ ᠤᠳᠤᠷᠢᠳᠤᠯᠭ᠎ᠠ ᡂᠢ ᠵᠢᠶᠠᠨ ᠹᠧᠩ᠂ ᠸᠠᠩ ᠯᠸᠢ ᠪᠠᠷ᠎ᠠ ᠪᠣᠯᠪᠠ᠃    ᠯᠢᠶᠠᠩᠴᠧᠩ ᠰᠢᠶᠠᠨ ᠤ ᠡᠮᠨᠡᠯᠭᠡ ᠶᠢᠨ ᠬᠤᠷᠢᠶᠠᠨ ᠤ ᠡᠮᠨᠡᠯᠭᠡ ᠳᠤ ᠰᠠᠭᠤᠬᠤ ᠠᠰᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶ᠋ᠯ ᠤᠨ ᠭᠠᠵᠠᠷ ᠲᠤ᠂ ᠵᠧᠩ ᠳ᠋ᠦᠩ ᠫᠢᠩ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠪᠠ ᠠᠶᠤᠯᠭᠦᠶ ᠦᠶ᠋ᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠪᠠᠷᠢᠯᠭ᠎ᠠ ᠶᠢᠨ ᠶᠠᠰᠤ ᠴᠢᠨᠠᠷ ᠪᠣᠯᠤᠨ ᠠᠮᠤᠷ ᠲᠦᠪᠰᠢᠨ ᠤ ᠬᠠᠮᠢᠶᠠᠷᠤᠯᠲᠠ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠲᠦᠷᠢᠮ ᠲᠣᠭᠲᠠᠭᠠᠯ ᠪᠣᠯᠤᠨ ᠠᠵᠢᠯᠯᠠᠭᠠᠨ ᠤ ᠶᠠᠪᠤᠴᠠ ᠶᠢ ᠴᠢᠩᠭ᠎ᠠ ᠬᠡᠷᠡᠭᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠬᠡᠯᠡᠪᠡ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠤᠷᠢᠳᠴᠢᠯᠠᠨ ᠦᠢᠯᠡᠴᠢᠯᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠬᠦᠴᠢᠷ ᠠᠰᠠᠭᠤᠳᠠᠯ᠂ ᠲᠦᠭᠵᠢᠷᠡᠯ ᠤᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃    ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠪᠣᠯᠬᠤ ᠬᠤᠩ ᠮᠤᠤ ᠪᠠᠯᠭᠠᠰᠤ ᠶᠢᠨ ᠰᠢᠤᠸᠠᠨ ᠳ᠋ᠧ ᠨᠡᠶᠢᠭᠡᠮ ᠲᠣᠭᠤᠷᠢᠭ ᠲᠤ᠂ ᠵᠧᠩ ᠳ᠋ᠦᠩ ᠫᠢᠩ ᠰᠢᠤᠸᠠᠨ ᠳ᠋ᠧ ᠨᠡᠶᠢᠭᠡᠮ ᠲᠣᠭᠤᠷᠢᠭ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠢ ᠴᠡᠭᠴᠡᠯᠡᠨ ᠵᠠᠰᠠᠬᠤ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠵᠢᠴᠢ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠵᠧᠩ ᠳ᠋ᠦᠩ ᠫᠢᠩ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠲᠠᠢ ᠬᠠᠷᠢᠴᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠲᠠᠢ ᠬᠠᠷᠢᠴᠠᠭᠤᠯᠵᠤ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠦᠨᠳᠦᠰᠦᠨ ᠱᠠᠲᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠠᠵᠢᠯ ᠤᠨ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠦᠷᠭᠦᠯᠵᠢᠯᠡᠨ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠣᠬᠢᠲᠠᠢ ᠰᠢᠢᠳᠪᠦᠷᠢᠯᠡᠬᠦ ᠬᠡᠷᠡᠭᠲᠡᠢ᠃                                                    ᠨᠠᠶᠢᠷᠠᠭᠤᠯᠤᠭᠴᠢ᠄  ᠯᠢ ᠬᠤᠩ ᠢᠦᠢ                                                      ᠤᠷᠴᠢᠭᠤᠯᠤᠭᠴᠢ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2