ᠯᠢᠶᠠᠩᠴᠧᠩ ᠰᠢᠶᠠᠨ᠄ ᠮᠠᠶᠢᠬᠠᠨᠲᠤ ᠠᠴᠠ ᠰᠢᠩ ᠵᠢᠶᠠ ᠼᠦᠨ ᠬᠦᠷᠬᠦ ᠬᠡᠰᠡᠭ ᠤᠨ ᠵᠠᠰᠠᠮᠠᠯ ᠵᠠᠮ ᠢ ᠰᠡᠯᠪᠢᠨ ᠵᠠᠰᠠᠬᠤ ᠲᠦᠷᠦᠯ ᠵᠦᠢᠯ ᠤᠳᠠᠯ ᠦᠭᠡᠢ ᠲᠡᠷᠭᠡ ᠨᠡᠪᠲᠡᠷᠡᠪᠡ
ᠨᠡᠶᠢᠲᠡᠯᠡᠭᠰᠡᠨ ᠴᠠᠭ᠄
2024/7/10
 ᠣᠶᠢᠷ᠎ᠠ ᠶᠢᠨ ᠵᠢᠯ ᠳᠤ᠂ ᠯᠢᠶᠠᠩᠴᠧᠩ ᠰᠢᠶᠠᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠣᠯᠠᠨ ᠲᠦᠮᠡᠨ ᠤ ᠶᠠᠪᠤᠵᠤ ᠰᠠᠭᠤᠬᠤ᠂ ᠴᠢᠮᠡᠭᠡ ᠬᠤᠯᠪᠣᠭ᠎ᠠ᠂ ᠴᠠᠬᠢᠯᠭᠠᠨ ᠬᠡᠷᠡᠭᠯᠡᠬᠦ ᠨᠥᠬᠦᠴᠡᠯ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠬᠥᠳᠡᠭᠡ ᠲᠣᠰᠬᠤᠨ ᠤ ᠵᠠᠰᠠᠮᠠᠯ ᠵᠠᠮ ᠤᠨ ᠶᠠᠪᠤᠵᠤ ᠰᠠᠭᠤᠬᠤ ᠶᠢ ᠲᠡᠭᠦᠯᠳᠡᠷᠵᠢᠭᠦᠯᠦᠨ ᠰᠠᠶᠢᠵᠢᠷᠠᠭᠤᠯᠬᠤ ᠲᠠᠯ᠎ᠠ ᠪᠠᠷ ︽ᠲᠦᠷᠪᠡᠨ ᠰᠠᠶᠢᠲᠠᠢ ᠬᠥᠳᠡᠭᠡ ᠲᠣᠰᠬᠤᠨ ᠤ ᠵᠠᠮ︾᠎ ᠤᠨ ᠪᠦᠳᠦᠭᠡᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠣᠰᠣᠭᠠᠷ᠂ ᠢᠮᠠᠭᠲᠠ ᠴᠥᠬᠦᠷᠡᠰᠢ ᠦᠭᠡᠢ ᠬᠥᠳᠡᠭᠡ ᠲᠣᠰᠬᠤᠨ᠂ ᠲᠠᠷᠢᠶᠠᠴᠢᠳ ᠲᠤ ᠵᠠᠮ ᠰᠠᠶᠢᠲᠤᠷ ᠵᠠᠰᠠᠵᠤ᠂ ᠪᠠᠶᠠᠵᠢᠬᠤ ᠵᠠᠮ ᠳᠡᠪᠢᠰᠴᠦ᠂ ᠪᠦᠬᠦ ᠬᠦᠴᠦᠨ ᠢᠶᠠᠷ ᠢᠶᠠᠨ ᠲᠠᠷᠢᠶᠠᠴᠢᠳ ᠢ ᠨᠡᠩ ᠪᠠᠶᠠᠨ ᠴᠢᠨᠡᠭᠡᠯᠢᠭ᠂ ᠬᠥᠳᠡᠭᠡ ᠲᠣᠰᠬᠤᠨ ᠢ ᠨᠡᠩ ᠭᠤᠶᠤ᠂ ᠲᠠᠷᠢᠶᠠᠯᠠᠩ ᠢ ᠨᠡᠩ ᠬᠦᠴᠦᠷᠬᠡᠭ ᠲᠤ ᠦᠢᠯᠡᠴᠢᠯᠡᠭᠦᠯᠦᠨ᠎ᠡ᠃    ᠰᠢᠶᠠᠨ ᠤ ᠵᠠᠮ ᠤᠨ 576 ᠮᠠᠶᠢᠬᠠᠨᠲᠤ ᠠᠴᠠ ᠰᠢᠩ ᠵᠢᠶᠠ ᠼᠦᠨ ᠲᠣᠰᠬᠤᠨ ᠤ ᠬᠡᠰᠡᠭ ᠲᠤ ᠬᠦᠷᠬᠦ ᠵᠠᠰᠠᠮᠠᠯ ᠵᠠᠮ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠢ ᠳᠤ᠂ ᠡᠯ᠎ᠡ ᠠᠵᠢᠯ ᠤᠨ ᠬᠤᠪᠢᠶᠠᠷᠢᠯᠠᠯ ᠲᠣᠳᠣᠷᠬᠠᠶ᠂ ᠪᠠᠷᠢᠯᠭ᠎ᠠ ᠶᠢᠨ ᠮᠠᠰᠢᠨ ᠶᠠᠭ ᠠᠯᠬᠤᠮ ᠠᠯᠬᠤᠮ ᠢᠶᠠᠷ ᠵᠠᠮ ᠤᠨ ᠭᠠᠳᠠᠷᠭᠤ ᠶᠢ ᠳᠡᠯᠭᠡᠵᠦ ᠳᠡᠪᠢᠰᠴᠦ᠂ ᠵᠠᠮ ᠳᠠᠷᠤᠬᠤ ᠮᠠᠰᠢᠨ ᠶᠠᠭ ᠠᠯᠬᠤᠮ ᠳᠠᠷᠠᠭ᠎ᠠ ᠲᠠᠢ ᠡᠬᠢᠯᠡᠵᠦ᠂ ᠠᠵᠢᠯᠴᠢᠳ ᠡᠷᠴᠢ ᠵᠣᠷᠢᠭ ᠢᠶᠠᠨ ᠬᠥᠪᠴᠢᠯᠡᠨ ᠡᠮᠬᠢ ᠵᠢᠷᠤᠮ ᠲᠠᠢ ᠪᠠᠷᠢᠯᠭ᠎ᠠ ᠪᠠᠷᠢᠵᠤ᠂ ᠵᠠᠮ ᠤᠨ ᠭᠠᠳᠠᠷᠭᠤ ᠶᠢ ᠶᠠᠭ ᠱᠠᠯᠠᠪᠳᠠᠨ ᠳᠡᠯᠭᠡᠵᠦ᠂ ᠲᠤᠬᠠᠶ ᠶᠢᠨ ᠲᠠᠯᠠᠪᠤᠷ ᠲᠤ ᠬᠥᠷ ᠬᠥᠭᠵᠢᠶᠡᠨ ᠢᠶᠠᠷ ᠪᠢᠯᠬᠠᠵᠤ ᠪᠠᠶᠢᠯ᠎ᠠ᠃
         ᠰᠢᠶᠠᠨ ᠤ ᠵᠠᠮ 576 ᠮᠠᠶᠢᠬᠠᠨᠲᠤ ᠠᠴᠠ ᠰᠢᠩ ᠵᠢᠶᠠ ᠼᠦᠨ ᠬᠦᠷᠬᠦ ᠬᠡᠰᠡᠭ ᠤᠨ ᠵᠠᠰᠠᠮᠠᠯ ᠵᠠᠮ ᠢ 2008 ᠣᠨ ᠳᠤ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠪᠣᠯ ᠯᠢᠶᠠᠩᠴᠧᠩ ᠰᠢᠶᠠᠨ ᠤ ᠵᠡᠭᠦᠨᠰᠢ ᠹᠧᠩᠵᠧᠨ ᠬᠤᠲᠠ ᠪᠣᠯᠤᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠶᠢ ᠬᠤᠯᠪᠣᠬᠤ ᠴᠢᠬᠤᠯᠠ ᠵᠠᠮ ᠪᠠᠶᠢᠵᠤ᠂ ᠣᠳᠣ ᠨᠢᠭᠡᠨᠲᠡ 15 ᠵᠢᠯ ᠠᠵᠢᠯᠯᠠᠭᠤᠯᠵᠤ ᠪᠠᠶᠢᠨ᠎ᠠ᠃ ᠲᠤᠰ ᠵᠠᠮ ᠤᠨ ᠲᠡᠷᠭᠡ ᠨᠡᠪᠲᠡᠷᠡᠭᠰᠡᠨ ᠵᠢᠯ ᠬᠤᠭᠤᠴᠠᠭ᠎ᠠ ᠨᠢ ᠨᠡᠯᠢᠶᠡᠳ ᠡᠷᠲᠡ ᠂ ᠲᠡᠭᠡᠭᠡᠪᠦᠷᠢᠯᠡᠨ ᠡᠵᠡᠩᠨᠡᠬᠦ ᠴᠠᠭ ᠬᠤᠭᠤᠴᠠᠭ᠎ᠠ ᠨᠢ ᠨᠡᠯᠢᠶᠡᠳ ᠤᠷᠲᠤ ᠪᠣᠯᠬᠤᠷ᠂ ᠲᠡᠭᠡᠭᠡᠪᠦᠷᠢ ᠡᠵᠡᠩᠨᠡᠵᠦ ᠪᠠᠶᠢᠭ᠎ᠠ ᠬᠤᠭᠤᠴᠠᠭᠠᠨ ᠳᠤ ᠵᠠᠮ ᠳᠡᠭᠡᠷ᠎ᠡ ᠵᠥᠪᠬᠡᠨ ᠡᠳᠦᠷ ᠲᠤᠲᠤᠮ ᠤᠨ ᠠᠷᠠᠴᠢᠯᠠᠯᠲᠠ ᠪᠠ ᠵᠠᠰᠠᠯᠲᠠ ᠬᠢᠭᠰᠡᠨ ᠠᠴᠠ ᠪᠣᠯᠵᠤ᠂ ᠵᠠᠮ ᠳᠡᠭᠡᠷᠡᠬᠢ ᠵᠠᠮ ᠤᠨ ᠭᠠᠳᠠᠷᠭᠤ ᠡᠪᠳᠡᠷᠡᠨ ᠬᠤᠬᠢᠷᠠᠵᠤ᠂ ᠵᠠᠮ ᠨᠡᠪᠲᠡᠷᠡᠯᠭᠡ ᠶᠢᠨ ᠴᠢᠳᠠᠪᠤᠷᠢ ᠨᠢ ᠬᠦᠨᠳᠦ ᠨᠣᠴᠢᠲᠠᠶ ᠪᠠᠭᠤᠷᠠᠵᠤ᠂ ᠲᠡᠷᠭᠡ ᠵᠢᠯᠣᠭᠤᠳᠬᠤ ᠳᠤ ᠲᠠᠭᠠᠯᠠᠮᠵᠢᠲᠤ ᠴᠢᠨᠠᠷ ᠪᠠ ᠠᠮᠤᠷ ᠲᠦᠪᠰᠢᠨ ᠤ ᠴᠢᠨᠠᠷ ᠨᠢ ᠲᠦᠢᠯ ᠤᠨ ᠶᠡᠭᠡ ᠨᠥᠯᠥᠭᠡ ᠳᠤ ᠤᠴᠠᠷᠠᠪᠠ᠃
       ᠡᠨᠡ ᠵᠢᠯ ᠰᠢᠶᠠᠨ ᠤ ᠵᠠᠮ ᠤᠨ 576 ᠮᠠᠶᠢᠬᠠᠨᠲᠤ ᠠᠴᠠ ᠰᠢᠩ ᠵᠢᠶᠠ ᠼᠦᠨ ᠲᠣᠰᠬᠤᠨ ᠤ ᠬᠡᠰᠡᠭ ᠤᠨ ᠵᠠᠰᠠᠮᠠᠯ ᠵᠠᠮ ᠢ ᠰᠡᠯᠪᠢᠨ ᠵᠠᠰᠠᠬᠤ ᠲᠥᠷᠥᠯ ᠵᠦᠢᠯ ᠵᠥᠪᠰᠢᠶᠡᠷᠡᠭᠳᠡᠵᠦ᠂ ᠵᠠᠮ ᠵᠠᠰᠠᠬᠤ ᠢᠨᠵᠧᠨᠧᠷᠢᠩ ᠢ 5 ᠰᠠᠷ᠎ᠠ ᠠᠴᠠ ᠡᠬᠢᠯᠡᠨ ᠬᠡᠷᠡᠭᠵᠢᠭᠦᠯᠵᠦ᠂ ᠤᠷᠲᠤ ᠨᠢ 3.148 ᠺᠢᠯᠤᠮᠧᠲᠷ᠂ ᠬᠠᠭᠤᠴᠢᠨ ᠵᠠᠮ ᠤᠨ ᠪᠦᠲᠦᠴᠡ ᠶᠢᠨ ᠳᠠᠪᠬᠤᠷᠭ᠎ᠠ ᠶᠢ ᠮᠠᠯᠲᠠᠵᠤ᠂ 20cm ᠵᠤᠵᠠᠭᠠᠨ᠂ ᠼᠧᠮᠧᠨ᠋ᠲ ᠴᠢᠯᠠᠭᠤᠨ ᠤ ᠦᠨᠳᠦᠰᠦᠨ ᠱᠠᠲᠤ 5cm ᠵᠤᠵᠠᠭᠠᠨ᠂ AC-16 ᠪᠠᠷᠤᠭᠰᠢᠨ ᠪᠧᠲ᠋ᠤᠨ ᠵᠠᠮ ᠤᠨ ᠭᠠᠳᠠᠷᠭᠤ ᠶᠢ ᠰᠢᠨ᠎ᠡ ᠪᠠᠷ ᠳᠡᠪᠢᠰᠬᠦ ᠶᠢᠨ ᠬᠠᠮᠲᠤ ᠬᠠᠮᠤᠭ ᠤᠨ ᠣᠬᠤᠷ ᠬᠤᠭᠤᠴᠠᠭᠠᠨ ᠳᠤ ᠪᠡᠶᠡᠯᠡᠭᠦᠯᠬᠦ ᠪᠠᠷ ᠴᠢᠷᠮᠠᠶᠢᠨ᠎ᠠ᠃ ᠲᠥᠷᠥᠯ ᠵᠦᠢᠯ ᠳᠠᠭᠤᠰᠤᠭᠰᠠᠨ ᠤ ᠳᠠᠷᠠᠭ᠎ᠠ᠂ ᠤᠤᠯ ᠨᠢ ᠢᠪᠴᠤᠤ ᠪᠥᠭᠡᠳ ᠡᠪᠳᠡᠷᠡᠵᠦ ᠬᠠᠭᠤᠴᠢᠷᠠᠭᠰᠠᠨ ᠵᠠᠮ ᠤᠨ ᠭᠠᠳᠠᠷᠭᠤ ᠶᠢ ᠥᠷᠭᠡᠨ ᠠᠭᠤᠳᠠᠮ᠂ ᠲᠡᠭᠰᠢᠯᠡᠵᠦ᠂ ᠦᠷ᠎ᠡ ᠪᠦᠲᠦᠮᠵᠢ ᠲᠠᠢ ᠪᠣᠯᠭᠠᠵᠤ᠂ ᠶᠠᠪᠤᠵᠤ ᠰᠠᠭᠤᠬᠤ ᠳᠠᠯᠳᠠ ᠭᠡᠮ ᠢ ᠦᠨᠡᠨᠬᠦ ᠠᠷᠢᠯᠭᠠᠵᠤ᠂ ᠵᠠᠮ ᠬᠠᠷᠢᠯᠴᠠᠭᠠᠨ ᠤ ︽ᠪᠣᠭᠤᠮᠢ︾᠎ ᠶᠢ ᠨᠡᠪᠲᠡᠷᠡᠭᠦᠯᠵᠦ᠂ ᠯᠢᠶᠠᠩᠴᠧᠩ ᠰᠢᠶᠠᠨ᠂ ᠹᠧᠩᠵᠧᠨ ᠬᠤᠲᠠ ᠶᠢᠨ ᠡᠷᠭᠢᠨ ᠲᠣᠭᠤᠷᠢᠨ ᠤ ᠣᠯᠠᠨ ᠲᠦᠮᠡᠨ ᠳᠤ ᠨᠠᠩ ᠠᠮᠤᠷ ᠲᠦᠪᠰᠢᠨ ᠪᠥᠭᠡᠳ ᠰᠠᠭᠠᠳ ᠦᠭᠡᠢ ᠨᠡᠪᠲᠡᠷᠡᠬᠦ ᠣᠷᠴᠢᠨ ᠲᠣᠭᠤᠷᠢᠨ ᠢ ᠬᠠᠩᠭᠠᠵᠤ᠂ ᠥᠩᠭᠡᠷᠡᠭᠰᠡᠨ ᠤ ᠣᠯᠠᠨ ᠲᠦᠮᠡᠨ ᠤ ︽ᠪᠤᠬᠢᠨᠢᠳᠤᠭᠰᠠᠨ ᠵᠠᠮ︾᠎ ᠢ ︽ᠰᠡᠳᠬᠢᠯ ᠢ ᠳᠤᠯᠠᠭᠠᠴᠠᠭᠤᠯᠬᠤ ᠵᠠᠮ︾ ᠪᠣᠯᠭᠠᠪᠠ᠃    ᠯᠢᠶᠠᠩᠴᠧᠩ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠵᠠᠰᠠᠮᠠᠯ ᠵᠠᠮ ᠤᠨ ᠲᠠᠰᠤᠭ ᠤᠨ ᠳᠠᠷᠤᠭ᠎ᠠ ᠸᠠᠩ ᠴᠢᠶᠠᠩ ᠲᠠᠨᠢᠯᠴᠠᠭᠤᠯᠬᠤ ᠳᠠᠭᠠᠨ᠄ ᠡᠨᠡ ᠬᠦ ᠵᠠᠮ ᠪᠣᠯ 5  ᠰᠠᠷ᠎ᠠ ᠶᠢᠨ ᠡᠬᠢ ᠪᠠᠷ ᠪᠠᠷᠢᠯᠭ᠎ᠠ ᠳᠠᠭᠤᠰᠴᠤ ᠣᠷᠣᠬᠤ ᠳᠤ ᠂ ᠵᠢᠱᠢᠯᠲᠡ ᠪᠠᠷ 7 ᠰᠠᠷ᠎ᠠ ᠶᠢᠨ ᠰᠡᠭᠦᠯᠴᠢ ᠪᠣᠯᠬᠤ ᠳᠤ ᠪᠥᠬᠦ ᠱᠤᠭᠤᠮ ᠢᠶᠠᠷ ᠪᠠᠷᠢᠯᠭ᠎ᠠ ᠳᠠᠭᠤᠰᠤᠨ᠎ᠠ᠂ ᠵᠢᠱᠢᠯᠲᠡ ᠪᠠᠷ ᠡᠨᠡ ᠬᠦ ᠵᠠᠮ ᠨᠢ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾᠎ ᠤᠨ ᠲᠣᠭᠤᠷᠢᠨ ᠳᠤ ᠰᠠᠶᠢᠲᠤᠷ ᠪᠠᠶᠢᠭᠤᠯᠵᠤ᠂ ᠰᠠᠶᠢᠲᠤᠷ ᠲᠡᠵᠢᠭᠡᠵᠦ᠂ ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠬᠤ ᠪᠣᠯ ᠬᠥᠮᠦᠨ ᠢᠶᠠᠷ ᠦᠨᠳᠦᠰᠦ ᠪᠣᠯᠭᠠᠵᠤ᠂ ᠨᠢᠭᠡ ᠭᠠᠵᠠᠷ ᠲᠤ ᠪᠤᠶᠠᠨ ᠦᠢᠯᠡᠳᠬᠦ ᠴᠢᠬᠤᠯᠠ ᠵᠠᠮ ᠪᠣᠯᠤᠨ᠎ᠠ᠃                                     ᠨᠠᠶᠢᠷᠠᠭᠤᠯᠤᠭᠴᠢ᠄   ᠴᠧᠨ ᠰᠢᠶᠤᠤ ᠵᠢᠤᠸᠠᠨ                                     ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2