ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/13
    7 ᠰᠠᠷ᠎ᠠ ᠶᠢᠨ 12᠎ ᠤᠨ ᠡᠳᠦᠷ᠂ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠳᠤᠭᠠᠷ ᠬᠤᠷᠠᠯ ᠬᠤᠷᠠᠯᠳᠤᠪᠠ᠃ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠣᠣ ᠷᠦᠢ ᠬᠤᠷᠠᠯ ᠡᠷᠭᠢᠯᠡᠵᠦ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠸᠠᠩ ᠯᠸᠢ ᠰᠤᠯᠠ ᠣᠷᠣᠯᠴᠠᠵᠤ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠳᠡᠳ᠋ ᠲᠡᠷᠢᠭᠦᠯᠡᠭᠴᠢ ᠣᠷᠣᠯᠴᠠᠵᠠᠶ᠃ ᠬᠤᠷᠠᠯ ᠳᠤ ᠣᠷᠣᠯᠴᠠᠬᠤ ᠶᠣᠰᠣᠲᠠᠢ 27 ᠬᠥᠮᠦᠨ᠂ ᠪᠣᠳᠠᠲᠠᠢ ᠣᠷᠣᠯᠴᠠᠭᠰᠠᠨ ᠨᠢ 21 ᠬᠥᠮᠦᠨ ᠪᠠᠶᠢᠵᠤ᠂ ᠤᠯᠤᠰ ᠲᠦᠷᠦ ᠶᠢᠨ ᠵᠥᠪᠯᠡᠯᠭᠡᠨ ᠤ ᠲᠦᠷᠢᠮ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃    ᠬᠤᠷᠠᠯ ᠠᠴᠠ ︽ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠬᠤᠷᠢᠶᠠᠨ ᠤ ᠠᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠤᠨ ᠵᠥᠪᠯᠡᠬᠦ ᠵᠦᠢᠯ︾ ︵ᠲᠥᠰᠦᠯ︶᠎ ᠢ ᠬᠢᠨᠠᠨ ᠵᠥᠪᠯᠡᠵᠦ ᠪᠠᠲᠤᠯᠠᠨ᠂ ︽ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠯᠢᠶᠠᠩᠴᠧᠩ ᠰᠢᠶᠠᠨ ᠤ ᠬᠤᠷᠢᠶᠠᠨ ᠤ ᠰᠠᠨᠠᠯ ᠳᠤᠷᠠᠳᠤᠯᠭ᠎ᠠ ᠶᠢᠨ ᠠᠵᠢᠯ ᠤᠨ ᠬᠡᠷᠡᠭᠵᠢᠭᠦᠯᠬᠦ ᠨᠠᠷᠢᠨ ᠲᠦᠷᠢᠮ ︵ᠲᠤᠷᠰᠢᠨ ᠬᠡᠷᠡᠭᠵᠢᠭᠦᠯᠬᠦ︶︾ ︵ᠬᠢᠨᠠᠨ ᠵᠥᠪᠯᠡᠬᠦ ᠨᠤᠤᠷᠠᠭ︶᠎ ᠢ ᠬᠢᠨᠠᠨ ᠵᠥᠪᠯᠡᠵᠦ ᠪᠠᠲᠤᠯᠠᠵᠤ᠂ ︽ᠤᠯᠤᠰ ᠲᠦᠷᠦ ᠶᠢᠨ ᠵᠥᠪᠯᠡᠯᠭᠡᠨ ᠤ ᠯᠢᠶᠠᠩᠴᠧᠩ ᠰᠢᠶᠠᠨ ᠤ ᠬᠤᠷᠢᠶᠠᠨ ᠤ ᠭᠡᠰᠢᠭᠦᠳ ᠤᠨ ᠬᠤᠪᠢ ᠬᠤᠷᠠᠮᠳᠤᠭᠤᠯᠬᠤ ᠲᠦᠷᠢᠮ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠡᠮᠵᠢᠶᠡᠵᠢᠭᠦᠯᠦᠨ ᠬᠢᠨᠠᠨ ᠰᠢᠯᠭᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠬᠢᠨᠠᠨ ᠵᠥᠪᠯᠡᠬᠦ ᠨᠤᠤᠷᠠᠭ︶᠎ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠪᠠᠰᠠ ᠵᠥᠪᠯᠡᠬᠦ ᠰᠡᠳᠦᠪ ᠤᠨ ᠲᠣᠭᠤᠷᠢᠨ ᠳᠤ ᠲᠤᠰᠬᠠᠢ ᠰᠡᠳᠦᠪᠲᠦ ᠵᠠᠰᠠᠭ ᠤᠨ ᠶᠠᠪᠤᠳᠠᠯ ᠢ ᠵᠥᠪᠯᠡᠬᠦ ᠴᠢᠨᠠᠷᠲᠠᠢ ᠵᠥᠪᠯᠡᠯᠭᠡ ᠬᠢᠪᠡ᠃    ᠬᠤᠷᠠᠯ ᠠᠴᠠ᠂ ᠰᠠᠨᠠᠯ ᠳᠤᠷᠠᠳᠤᠯᠭ᠎ᠠ ᠶᠢᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠲᠦᠷᠦᠯ ᠵᠦᠢᠯ ᠢ ᠲᠡᠮᠡᠴᠡᠨ ᠪᠡᠯᠡ ᠣᠷᠣᠭᠤᠯᠤᠯᠲᠠ ᠶᠢ ᠠᠬᠢᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠰᠠᠨᠠᠯ ᠳᠤᠷᠠᠳᠤᠯᠭ᠎ᠠ ᠶᠢᠨ ᠠᠵᠢᠯ ᠢ ᠥᠷᠨᠢᠭᠦᠯᠵᠦ᠂ ᠭᠡᠰᠢᠭᠦᠳ ᠤᠨ ᠰᠠᠨᠠᠯ ᠳᠤᠷᠠᠳᠤᠯᠭ᠎ᠠ ᠶᠢᠨ ᠯᠢᠶᠠᠩᠴᠧᠩ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠦᠢᠯᠡᠳᠦᠯ ᠢ ᠪᠦᠲᠦᠮᠵᠢᠲᠡᠢ ᠪᠠᠳᠠᠷᠠᠭᠤᠯᠬᠤ ᠬᠡᠷᠡᠭᠲᠡᠢ᠃ ᠡᠯ᠎ᠡ ᠡᠲᠡᠭᠡᠳ ᠤᠨ ᠢᠯᠭᠠᠯ ᠤᠨ ᠳᠠᠪᠠᠭᠤᠯᠢᠭ ᠪᠠ ᠭᠡᠰᠢᠭᠦᠳ ᠤᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠶᠢᠴᠠᠭᠠᠨ ᠰᠤᠳᠤᠯᠬᠤ ᠰᠡᠳᠦᠪ ᠢ ᠦᠨᠳᠦᠰᠦᠯᠡᠨ ᠪᠠᠶᠢᠴᠠᠭᠠᠨ ᠰᠤᠳᠤᠯᠬᠤ ᠲᠥᠰᠦᠯ ᠢ ᠨᠠᠷᠢᠨ ᠨᠢᠮᠪᠠᠢ ᠲᠣᠭᠲᠠᠭᠠᠵᠤ᠂ ᠪᠠᠶᠢᠴᠠᠭᠠᠨ ᠰᠤᠳᠤᠯᠬᠤ ᠦᠶ᠎ᠡ ᠳᠤ ᠡᠯ᠎ᠡ ᠲᠤᠰᠬᠠᠢ ᠺᠣᠮᠢᠰ ᠤᠨ ᠡᠷᠬᠢᠯᠡᠭᠴᠢ ᠵᠢᠴᠢ ᠡᠯ᠎ᠡ ᠡᠲᠡᠭᠡᠳ ᠤᠨ ᠪᠤᠰᠤᠳ ᠭᠤᠣᠯᠯᠠᠭᠴᠢ ᠭᠡᠰᠢᠭᠦᠨ ᠢ ᠵᠣᠬᠢᠶᠠᠨ ᠪᠠᠶᠢᠭᠤᠯᠤᠨ ᠪᠠᠶᠢᠴᠠᠭᠠᠨ ᠰᠤᠳᠤᠯᠬᠤ ᠳᠤᠭᠤᠶᠢᠯᠠᠩ ᠪᠠᠶᠢᠭᠤᠯᠵᠤ ᠣᠷᠣᠯᠴᠠᠭᠤᠯᠵᠤ᠂ ᠭᠡᠰᠢᠭᠦᠳ ᠤᠨ ᠲᠤᠰ ᠪᠡᠶ᠎ᠡ ᠶᠢᠨ ᠲᠤᠰᠬᠠᠢ ᠮᠡᠷᠭᠡᠵᠢᠯ ᠤᠨ ᠣᠨᠴᠠ ᠴᠢᠳᠠᠪᠤᠷᠢ ᠶᠢ ᠪᠠᠳᠠᠷᠠᠭᠤᠯᠵᠤ᠂ ᠪᠠᠶᠢᠳᠠᠯ ᠢ ᠲᠣᠳᠣᠷᠬᠠᠢ ᠣᠶᠢᠯᠠᠭᠠᠵᠤ᠂ ᠠᠰᠠᠭᠤᠳᠠᠯ ᠢ ᠣᠨᠣᠪᠴᠢᠲᠠᠢ ᠡᠷᠢᠵᠦ᠂ ᠳᠠᠷᠠᠭᠠᠴᠢ ᠶᠢᠨ ᠠᠯᠬᠤᠮ ᠤᠨ ᠲᠤᠰᠬᠠᠢ ᠰᠡᠳᠦᠪᠲᠦ ᠵᠥᠪᠯᠡᠬᠦ ᠬᠤᠷᠠᠯ ᠳᠡᠭᠡᠷ᠎ᠡ ᠠᠰᠠᠭᠤᠳᠠᠯ ᠢ ᠦᠨᠡᠨᠬᠦ ᠰᠢᠢᠳᠪᠦᠷᠢᠯᠡᠬᠦ ᠰᠢᠨ᠎ᠡ ᠰᠡᠳᠬᠢᠴᠡ ᠰᠢᠨ᠎ᠡ ᠠᠷᠭ᠎ᠠ ᠶᠢ ᠳᠤᠷᠠᠳᠴᠤ᠂ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ ᠶᠠᠰᠤ ᠴᠢᠨᠠᠷ ᠪᠠ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃                                        ᠨᠠᠶᠢᠷᠠᠭᠤᠯᠤᠭᠴᠢ᠄   ᠴᠧᠨ ᠰᠢᠶᠤᠤ ᠵᠢᠤᠸᠠᠨ                                        ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2