ᠯᠢᠶᠠᠩᠴᠧᠩ ᠰᠢᠶᠠᠨ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠰᠣᠷᠢᠯᠲᠠ ᠬᠢᠪᠡ
ᠨᠡᠶᠢᠲᠡᠯᠡᠭᠰᠡᠨ ᠴᠠᠭ᠄
2024/7/13
 ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠤᠨ ᠲᠣᠭᠲᠠᠴᠠ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠬᠤ ᠶᠢᠨ ᠲᠥᠯᠥᠭᠡ᠂ ᠠᠭᠤᠯᠠᠨ ᠦᠶᠡᠷ ᠵᠡᠷᠭᠡ ᠭᠠᠮᠰᠢᠭ ᠤᠨ ᠤᠰᠤᠨ ᠠᠰᠢᠭᠯᠠᠯᠲᠠ ᠶᠢᠨ ᠪᠠᠷᠢᠯᠭ᠎ᠠ ᠳᠤ ᠦᠵᠡᠭᠦᠯᠬᠦ ᠨᠥᠯᠥᠭᠡ ᠶᠢ ᠪᠦᠲᠦᠮᠵᠢᠲᠡᠶ ᠰᠡᠷᠭᠡᠶᠢᠯᠡᠬᠦ ᠪᠠ ᠪᠠᠭᠠᠰᠬᠠᠵᠤ᠂ ᠠᠭᠤᠯᠠᠨ ᠦᠶᠡᠷ ᠵᠡᠷᠭᠡ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ ᠪᠠ ᠠᠶᠤᠯ ᠭᠠᠮᠰᠢᠭ ᠠᠴᠠ ᠠᠪᠤᠷᠠᠬᠤ ᠠᠵᠢᠯ ᠤᠨ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ 7 ᠰᠠᠷ᠎ᠠ ᠶᠢᠨ 10 ᠤ ᠡᠳᠦᠷ᠂ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ᠂ ᠴᠠᠭ ᠠᠭᠤᠷ ᠤᠨ ᠲᠣᠪᠴᠢᠶ᠎ᠠ᠂ ᠵᠢᠷᠭᠤᠳᠤᠭᠠᠷ ᠰᠤᠮᠤ ᠪᠠᠯᠭᠠᠰᠤ ᠵᠢᠴᠢ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠬᠠᠮᠢᠶ᠎ᠠ ᠪᠥᠬᠦᠶ ᠨᠢᠭᠡᠴᠡ ᠲᠠᠢ ᠬᠠᠮᠲᠤᠷᠠᠨ ᠵᠢᠷᠭᠤᠳᠤᠭᠠᠷ ᠰᠤᠮᠤ ᠪᠠᠯᠭᠠᠰᠤᠨ ᠤ ᠱᠤᠸᠠᠩ ᠬᠥ᠋ ᠴᠧᠩ ᠤᠰᠤᠨ ᠴᠥᠭᠦᠷᠥᠮ ᠳᠤ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠰᠣᠷᠢᠯᠲᠠ ᠬᠢᠵᠦ᠂ ᠰᠢᠶᠠᠨ ᠤ ᠳᠡᠳ᠋ ᠳᠠᠷᠤᠭ᠎ᠠ ᠹᠧᠩ ᠵᠢᠶᠦ᠋ᠨ ᠣᠷᠣᠯᠴᠠᠵᠠᠶ᠃
                               ᠨᠠᠶᠢᠷᠠᠭᠤᠯᠤᠭᠴᠢ᠄   ᠴᠧᠨ ᠰᠢᠶᠤᠤ ᠵᠢᠤᠸᠠᠨ                                ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2