︽ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢᠨ ᠠᠷᠭ᠎ᠠ︾ | ᠶᠢ 2023 ᠣᠨ ᠤ 1 ᠰᠠᠷ᠎ᠠ ᠶᠢᠨ 29 ᠤ ᠡᠳᠦᠷ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠩᠬᠠᠳᠤᠭᠠᠷ | ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠵᠦ᠂ 2023 ᠣᠨ ᠤ | 5 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | 2023 ᠣᠨ ᠤ 2 ᠰᠠᠷ᠎ᠠ ᠶᠢᠨ 17 ᠤ ᠡᠳᠦᠷ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠭᠡᠷ᠎ᠡ ᠶᠢᠨ | ᠬᠠᠮᠢᠶᠠᠷᠤᠯᠲᠠ ᠶᠢ ᠵᠢᠷᠤᠮᠵᠢᠭᠤᠯᠤᠨ᠂ ᠳᠠᠭᠠᠭᠠᠴᠢᠯᠠᠯᠲᠠ ᠶᠢᠨ ᠭᠡᠷ᠎ᠡ ᠶᠢᠨ ᠲᠤᠬᠠᠶᠢᠲᠠᠶ ᠬᠥᠮᠦᠨ ᠤ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠵᠤ᠂ ᠬᠥᠳᠡᠭᠡ ᠲᠣᠰᠬᠤᠨ ᠤ ᠨᠡᠶᠢᠭᠡᠮ ᠤᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ | ᠪᠠᠶᠢᠬᠤ ᠶᠢ ᠬᠠᠮᠠᠭᠠᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ | ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠤᠯᠢ︾ ᠵᠡᠷᠭᠡ ᠬᠠᠤᠯᠢ ᠴᠠᠭᠠᠵᠠ ᠵᠢᠴᠢ ᠬᠤᠯᠪᠣᠭᠳᠠᠯ | ᠪᠦᠬᠦᠢ ᠲᠣᠭᠲᠠᠭᠠᠯ ᠢ ᠦᠨᠳᠦᠰᠦᠯᠡᠨ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠬᠥᠳᠡᠭᠡ ᠲᠣᠰᠬᠤᠨ ᠤ ᠭᠠᠵᠠᠷ ᠰᠢᠷᠣᠶ ᠶᠢ ᠳᠠᠭᠠᠭᠠᠴᠢᠯᠠᠨ ᠡᠵᠡᠩᠨᠡᠬᠦ ᠳᠤ ᠭᠡᠷ | ᠪᠦᠯᠢ ᠶᠢᠨ ᠳᠠᠭᠠᠭᠠᠴᠢᠯᠠᠨ ᠡᠵᠡᠩᠨᠡᠬᠦ ᠪᠠᠷ ᠰᠠᠭᠤᠷᠢ ᠪᠣᠯᠭᠠᠭᠰᠠᠨ᠂ ᠨᠢᠭᠡᠳᠦᠯᠲᠡᠶ ᠪᠠ ᠲᠠᠷᠠᠬᠠᠶ ᠶᠢ | ᠤᠶᠠᠯᠳᠤᠭᠤᠯᠤᠭᠰᠠᠨ ᠳᠠᠪᠬᠤᠷ ᠡᠵᠡᠩᠨᠡᠯᠲᠡ ᠶᠢᠨ ᠪᠠᠶᠢᠭᠤᠯᠤᠯ ᠢ ᠪᠠᠬᠢᠵᠢᠭᠦᠯᠦᠨ ᠲᠡᠭᠦᠯᠳᠡᠷᠵᠢᠭᠦᠯᠵᠦ᠂ ᠬᠥᠳᠡᠭᠡ | ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢ ᠲᠣᠭᠲᠠᠭᠤᠨ ᠪᠠᠶᠢᠯᠭᠠᠬᠤ ᠶᠢᠨ ᠬᠠᠮᠲᠤ | ᠤᠷᠲᠤ ᠬᠤᠭᠤᠴᠠᠭ᠎ᠠ ᠪᠠᠷ ᠬᠤᠪᠢᠷᠠᠭᠤᠯᠬᠤ ᠦᠭᠡᠶ ᠪᠠᠶᠢᠬᠤ ᠶᠢ ᠪᠠᠲᠤᠯᠠᠬᠤ ᠬᠡᠷᠡᠭᠲᠡᠶ᠃ ᠬᠥᠳᠡᠭᠡ ᠲᠣᠰᠬᠤᠨ ᠤ | ᠭᠠᠵᠠᠷ ᠰᠢᠷᠣᠢ ᠶᠢ ᠳᠠᠭᠠᠭᠠᠴᠢᠯᠠᠨᠡᠵᠡᠩᠨᠡᠬᠦ ᠳᠤ᠂ ᠭᠠᠵᠠᠷ ᠰᠢᠷᠦᠢ ᠶᠢᠨ ᠥᠮᠴᠢᠯᠡᠯ ᠤᠨ ᠡᠷᠬᠡ ᠶᠢᠨ ᠰᠢᠨᠵᠢ ᠴᠢᠨᠠᠷ ᠢ | ᠬᠤᠪᠢᠷᠠᠭᠤᠯᠵᠤ ᠪᠣᠯᠬᠤ ᠦᠭᠡᠢ᠃ | ᠭᠤᠷᠪᠠᠳᠤᠭᠠᠷ ᠵᠦᠢᠯ ᠬᠥᠳᠡᠭᠡ ᠲᠣᠰᠬᠤᠨ ᠤ ᠭᠠᠵᠠᠷ ᠰᠢᠷᠣᠢ ᠶᠢ ᠳᠠᠭᠠᠭᠠᠴᠢᠯᠠᠨ ᠡᠵᠡᠩᠨᠡᠬᠦ ᠳᠤ ᠬᠠᠤᠯᠢ | ᠶᠣᠰᠣᠭᠠᠷ ᠳᠠᠭᠠᠭᠠᠴᠢᠯᠠᠯᠲᠠ ᠶᠢᠨ ᠭᠡᠷ᠎ᠡ ᠲᠣᠭᠲᠠᠭᠠᠬᠤ ᠬᠡᠷᠡᠭᠲᠡᠢ᠃ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ | ᠡᠷᠬᠡ ᠨᠢ ᠳᠠᠭᠠᠭᠠᠴᠢᠯᠠᠯᠲᠠ ᠶᠢᠨ ᠭᠡᠷ᠎ᠡ ᠬᠦᠴᠦᠨᠲᠡᠢ ᠪᠣᠯᠤᠭᠰᠠᠨ ᠦᠶ᠎ᠡ ᠳᠤ ᠪᠤᠢ ᠪᠣᠯᠤᠨ᠎ᠠ᠃ ᠭᠠᠵᠠᠷ ᠰᠢᠷᠣᠢ | ᠳᠠᠭᠠᠭᠠᠴᠢᠯᠠᠨᠡᠵᠡᠩᠨᠡᠬᠦ ᠡᠷᠬᠡ ᠶᠢᠨ ᠲᠤᠬᠠᠢ ᠪᠠᠶᠢᠴᠠᠭᠠᠯᠲᠠ ᠬᠢᠬᠦ ᠬᠡᠷᠡᠭᠲᠡᠢ᠃ | ᠳᠥᠷᠪᠡᠳᠦᠭᠡᠷ ᠵᠦᠢᠯ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠭᠡᠷ᠎ᠡ ᠶᠢᠨ | ᠬᠠᠮᠢᠶᠠᠷᠤᠯᠲᠠ ᠳᠤ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠢᠷᠤᠮᠯᠠᠨ᠂ ᠭᠠᠵᠠᠷ ᠰᠢᠷᠣᠶ ᠶᠢᠨ ᠡᠬᠢ ᠪᠠᠶᠠᠯᠢᠭ ᠢ | ᠵᠦᠢ ᠵᠣᠬᠢᠰᠲᠠᠶ ᠨᠡᠭᠡᠭᠡᠬᠦ ᠪᠠ ᠦᠷᠭᠦᠯᠵᠢᠯᠡᠨ ᠠᠰᠢᠭᠯᠠᠬᠤ ᠶᠢ ᠬᠠᠮᠠᠭᠠᠯᠠᠵᠤ᠂ ᠲᠠᠷᠢᠶᠠᠨ ᠭᠠᠵᠠᠷ ᠢ ᠠᠰᠢᠭᠯᠠᠬᠤ ᠶᠢ | ᠡᠩ ᠲᠡᠷᠢᠭᠦᠨ ᠳᠤ ᠪᠠᠶᠢᠯᠭᠠᠬᠤ ᠳᠠᠷᠠᠭᠠᠯᠠᠯ ᠢ ᠬᠠᠤᠯᠢ ᠶᠣᠰᠣᠭᠠᠷ ᠨᠠᠶᠢᠳᠠᠪᠤᠷᠢᠵᠢᠭᠤᠯᠬᠤ ᠬᠡᠷᠡᠭᠲᠡᠶ᠃ | ᠲᠠᠭᠠᠴᠢᠯᠠᠭᠤᠯᠤᠭᠴᠢ ᠪᠣᠯᠤᠨ ᠲᠠᠭᠠᠭᠠᠴᠢᠯᠠᠭᠴᠢ ᠨᠢ ᠬᠥᠳᠡᠭᠡ ᠲᠣᠰᠬᠤᠨ ᠤ ᠭᠠᠵᠠᠷ ᠰᠢᠷᠣᠢ ᠶᠢ ᠬᠠᠮᠠᠭᠠᠯᠠᠬᠤ | ᠡᠭᠦᠷᠭᠡ ᠪᠠᠨ ᠬᠠᠤᠯᠢ ᠶᠣᠰᠣᠭᠠᠷ ᠭᠦᠢᠴᠡᠳᠭᠡᠬᠦ ᠬᠡᠷᠡᠭᠲᠡᠢ᠃ | ᠲᠠᠪᠤᠳᠤᠭᠠᠷ ᠵᠦᠢᠯ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠭᠡᠷ᠎ᠡ ᠶᠢᠨ | ᠬᠠᠮᠢᠶᠠᠷᠤᠯᠲᠠ ᠳᠤ ᠲᠠᠷᠢᠶᠠᠴᠢᠳ ᠤᠨ ᠡᠳ᠋ ᠬᠥᠷᠥᠩᠭᠡ ᠶᠢᠨ ᠡᠷᠬᠡ ᠠᠰᠢᠭ ᠢ ᠭᠦᠢᠴᠡᠳ ᠬᠠᠮᠠᠭᠠᠯᠠᠬᠤ ᠬᠡᠷᠡᠭᠲᠡᠶ᠂ | ᠶᠠᠮᠠᠷᠪᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠭᠡᠳ ᠬᠥᠳᠡᠭᠡ ᠲᠣᠰᠬᠤᠨ ᠤ ᠬᠠᠮᠲᠤ ᠶᠢᠨ ᠠᠵᠤ | ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤ ᠭᠠᠵᠠᠷ ᠰᠢᠷᠣᠶ ᠳᠠᠭᠠᠭᠠᠴᠢᠯᠠᠬᠤ ᠡᠷᠬᠡ ᠶᠢ ᠬᠠᠰᠤᠬᠤ | ᠪᠤᠶᠤ ᠬᠠᠤᠯᠢ ᠪᠤᠰᠤ ᠪᠠᠷ ᠬᠢᠵᠠᠭᠠᠷᠯᠠᠵᠤ ᠪᠣᠯᠬᠤ ᠦᠭᠡᠶ᠃ ᠡᠮᠡᠭᠲᠡᠶᠢᠴᠦᠳ ᠡᠷᠡᠭᠲᠡᠶᠢᠴᠦᠳ ᠲᠠᠢ ᠠᠳᠠᠯᠢ ᠲᠡᠭᠰᠢ ᠪᠠᠷ | ᠬᠥᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠬᠤ ᠡᠷᠬᠡ ᠲᠠᠢ᠃ | ᠳᠠᠭᠠᠭᠠᠴᠢᠯᠠᠭᠰᠠᠨ ᠲᠠᠯ᠎ᠠ ᠨᠢ ᠭᠠᠵᠠᠷ ᠰᠢᠷᠣᠶ ᠳᠠᠭᠠᠭᠠᠴᠢᠯᠠᠭᠰᠠᠨ ᠤ ᠳᠠᠷᠠᠭ᠎ᠠ᠂ ᠭᠠᠵᠠᠷ ᠰᠢᠷᠣᠶ ᠳᠠᠭᠠᠭᠠᠴᠢᠯᠠᠨ | ᠡᠵᠡᠩᠨᠡᠬᠦ ᠡᠷᠬᠡ ᠲᠠᠢ ᠪᠣᠯ ᠥᠪᠡᠷ ᠢᠶᠠᠨ ᠡᠵᠡᠩᠨᠡᠵᠦ ᠪᠣᠯᠤᠨ᠎ᠠ᠂ ᠪᠠᠰᠠ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ | ᠡᠷᠬᠡ ᠶᠢ ᠨᠢ ᠦᠯᠡᠳᠡᠭᠡᠨ᠂ ᠳᠠᠭᠠᠭᠠᠴᠢᠯᠠᠭᠰᠠᠨ ᠭᠠᠵᠠᠷ ᠤᠨ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠪᠠᠨ | ᠰᠢᠯᠵᠢᠭᠦᠯᠵᠦ᠂ ᠪᠤᠰᠤᠳ ᠬᠥᠮᠦᠨ ᠡᠵᠡᠩᠨᠡᠵᠦ ᠪᠣᠯᠤᠨ᠎ᠠ᠃ | ᠵᠢᠷᠭᠤᠳᠤᠭᠠᠷ ᠵᠦᠢᠯ ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ ᠪᠦᠬᠦ ᠤᠯᠤᠰ ᠤᠨ ᠬᠥᠳᠡᠭᠡ | ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢᠨ ᠵᠢᠯᠣᠭᠤᠳᠣᠯᠭ᠎ᠠ ᠶᠢ | ᠬᠠᠷᠢᠭᠤᠴᠠᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ | ᠬᠥᠳᠡᠭᠡ ᠲᠣᠰᠬᠤᠨ ᠤ ᠭᠤᠤᠯᠴᠢᠯᠠᠨ ᠬᠠᠮᠢᠶᠠᠷᠬᠤ ︵ᠬᠥᠳᠡᠭᠡ ᠲᠣᠰᠬᠤᠨ ᠤ ᠡᠵᠡᠩᠨᠡᠯᠲᠡ ᠬᠠᠮᠢᠶᠠᠷᠤᠯᠲᠠ︶ ᠰᠠᠯᠠᠭ᠎ᠠ | ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠬᠥᠳᠡᠭᠡ ᠲᠣᠰᠬᠤᠨ ᠤ ᠭᠠᠵᠠᠷ ᠰᠢᠷᠣᠶ ᠶᠢᠨ | ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠶ᠃ | ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ | ᠳᠣᠲᠣᠷᠠᠬᠢ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢ | ᠬᠠᠷᠢᠭᠤᠴᠠᠬᠤ ᠬᠡᠷᠡᠭᠲᠡᠶ᠃ | | ᠬᠤᠶᠠᠳᠤᠭᠠᠷ ᠪᠦᠯᠦᠭ ᠳᠠᠭᠠᠭᠠᠴᠢᠯᠠᠯᠲᠠ ᠶᠢᠨ ᠲᠦᠰᠦᠯ | ᠳᠣᠯᠣᠳᠤᠭᠠᠷ ᠵᠦᠢᠯ ᠲᠤᠰ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤ | ᠲᠣᠰᠬᠤᠨ ᠤ ᠠᠷᠠᠳ ᠤᠨ ᠬᠤᠷᠠᠯ ᠢᠶᠠᠷ ᠬᠠᠤᠯᠢ ᠶᠣᠰᠣᠭᠠᠷ ᠰᠣᠩᠭᠤᠨ ᠭᠠᠷᠭᠠᠭᠰᠠᠨ ᠳᠠᠭᠠᠭᠠᠴᠢᠯᠠᠯᠲᠠ ᠶᠢᠨ | ᠠᠵᠢᠯ ᠤᠨ ᠳᠤᠭᠤᠶᠢᠯᠠᠩ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ | ᠳᠠᠭᠠᠭᠠᠴᠢᠯᠠᠯᠲᠠ ᠶᠢᠨ ᠲᠥᠰᠦᠯ ᠲᠣᠭᠲᠠᠭᠠᠬᠤ ᠶᠢᠨ ᠬᠠᠮᠲᠤ᠂ ᠲᠤᠰ ᠬᠠᠮᠲᠤ ᠶᠢᠨ ᠠᠵᠤ ᠠᠬᠤᠶ ᠶᠢᠨ ᠵᠣᠬᠢᠶᠠᠨ | ᠪᠠᠶᠢᠭᠤᠯᠤᠯᠲᠠ ᠶᠢᠨ ᠬᠡᠪᠴᠢᠶᠡᠨ ᠳᠤ ᠠᠷᠪᠠᠨ ᠲᠠᠪᠤᠨ ᠡᠳᠦᠷ ᠠᠴᠠ ᠳᠤᠲᠠᠭᠤ ᠦᠭᠡᠶ ᠨᠡᠶᠢᠲᠡᠯᠡᠬᠦ ᠬᠡᠷᠡᠭᠲᠡᠶ᠃ | ᠳᠠᠭᠠᠭᠠᠴᠢᠯᠠᠯᠲᠠ ᠶᠢᠨ ᠲᠥᠰᠦᠯ ᠢ ᠲᠤᠰ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ | ᠪᠦᠷᠢᠯᠳᠦᠬᠦᠨ ᠤ ᠭᠠᠴᠠᠭᠠᠨ ᠤ ᠠᠷᠠᠳ ᠤᠨ ᠬᠤᠷᠠᠯᠳᠤᠭᠠᠨ ᠤ ᠭᠤᠷᠪᠠᠨ ᠤ ᠬᠤᠶᠠᠷ ᠬᠤᠪᠢ ᠠᠴᠠ ᠳᠡᠭᠡᠭᠰᠢᠬᠢ | ᠪᠦᠷᠢᠯᠳᠦᠬᠦᠨ ᠪᠤᠶᠤ ᠭᠤᠷᠪᠠᠨ ᠤ ᠬᠤᠶᠠᠷ ᠬᠤᠪᠢ ᠠᠴᠠ ᠳᠡᠭᠡᠭᠰᠢᠬᠢ ᠭᠠᠴᠠᠭᠠᠨ ᠤ ᠠᠷᠠᠳ ᠤᠨ | ᠲᠥᠯᠥᠭᠡᠯᠡᠭᠴᠢᠳ ᠢᠶᠠᠷ ᠬᠠᠤᠯᠢ ᠶᠣᠰᠣᠭᠠᠷ ᠵᠥᠪᠰᠢᠶᠡᠷᠡᠭᠦᠯᠬᠦ ᠬᠡᠷᠡᠭᠲᠡᠢ᠃ | ᠳᠠᠭᠠᠭᠠᠴᠢᠯᠠᠯᠲᠠ ᠶᠢᠨ ᠲᠥᠰᠦᠯ ᠢ ᠳᠠᠭᠠᠭᠠᠴᠢᠯᠠᠯᠲᠠ ᠶᠢᠨ ᠠᠵᠢᠯ ᠤᠨ ᠳᠤᠭᠤᠶᠢᠯᠠᠩ ᠠᠴᠠ ᠢᠯᠡ ᠪᠠᠷ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠃ | ᠨᠠᠢᠮᠠᠳᠤᠭᠠᠷ ᠵᠦᠢᠯ ᠳᠠᠭᠠᠭᠠᠴᠢᠯᠠᠯᠲᠠ ᠶᠢᠨ ᠲᠥᠰᠦᠯ ᠨᠢ ᠳᠣᠤᠷᠠᠬᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ | ᠬᠡᠷᠡᠭᠲᠡᠶ᠄ | ︵ᠨᠢᠭᠡ︶ ᠠᠭᠤᠯᠭ᠎ᠠ ᠨᠢ ᠬᠠᠤᠯᠢ ᠳᠤ ᠨᠡᠶᠢᠴᠡᠨ᠎ᠡ | ︵ᠬᠤᠶᠠᠷ︶ ᠲᠠᠰ ᠳᠠᠷᠠᠭᠠᠯᠠᠯ ᠤᠨ ᠵᠢᠷᠤᠮᠵᠢᠯ︔ | ︵ᠭᠤᠷᠪᠠ︶ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ | ᠪᠦᠷᠢᠯᠳᠦᠬᠦᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ︔ | ︵ᠲᠦᠷᠪᠡ︶ ᠳᠠᠭᠠᠭᠠᠴᠢᠯᠠᠭᠰᠠᠨ ᠭᠠᠵᠠᠷ ᠢ ᠬᠠᠤᠯᠢ ᠠᠴᠠ ᠵᠥᠷᠢᠴᠡᠨ ᠬᠤᠷᠢᠶᠠᠨ ᠠᠪᠴᠤ ᠲᠣᠬᠢᠷᠠᠭᠤᠯᠵᠤ | ᠪᠣᠯᠬᠤ ᠦᠭᠡᠶ᠃ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ | ᠱᠠᠭᠠᠷᠳᠠᠯᠭ᠎ᠠ᠃ | ᠶᠢᠰᠦᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠭᠤᠤᠯᠴᠢᠯᠠᠨ ᠬᠠᠮᠢᠶᠠᠷᠬᠤ ︵ᠬᠥᠳᠡᠭᠡ ᠲᠣᠰᠬᠤᠨ ᠤ ᠡᠵᠡᠩᠨᠡᠯᠲᠡ | ᠬᠠᠮᠢᠶᠠᠷᠤᠯᠲᠠ︶ ᠰᠠᠯᠠᠭ᠎ᠠ ᠮᠥᠴᠢᠷ᠂ ᠰᠢᠶᠠᠩ ︵ᠪᠠᠯᠭᠠᠰᠤ︶ ᠤᠨ ᠠᠷᠠᠳ ᠤᠨ ᠵᠠᠰᠠᠭ ᠤᠨ ᠣᠷᠳᠣᠨ ᠤ ᠬᠥᠳᠡᠭᠡ | ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ | ᠳᠠᠭᠠᠭᠠᠴᠢᠯᠠᠯᠲᠠ ᠶᠢᠨ ᠲᠥᠰᠦᠯ ᠢ ᠵᠢᠯᠣᠭᠤᠳᠤᠨ ᠲᠣᠭᠲᠠᠭᠠᠬᠤ ᠶᠢᠨ ᠬᠠᠮᠲᠤ᠂ ᠳᠠᠭᠠᠭᠠᠴᠢᠯᠠᠯᠲᠠ ᠶᠢᠨ ᠲᠥᠰᠦᠯ ᠢ | ᠬᠡᠷᠡᠭᠵᠢᠭᠦᠯᠬᠦ ᠳᠤ ᠬᠢᠨᠠᠯᠲᠠ ᠲᠠᠯᠪᠢᠵᠤ᠂ ᠠᠰᠠᠭᠤᠳᠠᠯ ᠢ ᠣᠯᠵᠤ ᠮᠡᠳᠡᠪᠡᠯ᠂ ᠴᠠᠭ ᠲᠤᠬᠠᠶ ᠳᠤᠨᠢ ᠵᠠᠯᠠᠷᠠᠭᠤᠯᠬᠤ | ᠬᠡᠷᠡᠭᠲᠡᠶ᠃ | | ᠭᠤᠷᠪᠠᠳᠤᠭᠠᠷ ᠪᠦᠯᠦᠭ ᠳᠠᠭᠠᠭᠠᠴᠢᠯᠠᠯᠲᠠ ᠶᠢᠨ ᠭᠡᠷ᠎ᠡ ᠶᠢ ᠲᠣᠭᠲᠠᠭᠠᠬᠤ᠂ ᠬᠤᠪᠢᠷᠠᠭᠤᠯᠬᠤ ᠪᠠ | ᠳᠠᠭᠤᠰᠬᠠᠬᠤ | ᠠᠷᠪᠠᠳᠤᠭᠠᠷ ᠵᠦᠢᠯ ᠳᠠᠭᠠᠭᠠᠴᠢᠯᠠᠯᠲᠠ ᠶᠢᠨ ᠭᠡᠷ᠎ᠡ ᠨᠢ ᠳᠣᠤᠷᠠᠬᠢ ᠮᠡᠲᠦ ᠱᠠᠭᠠᠷᠳᠠᠯᠭ᠎ᠠ ᠳᠤ ᠨᠡᠶᠢᠴᠡᠭᠰᠡᠨ | ᠪᠠᠶᠢᠬᠤ ᠬᠡᠷᠡᠭᠲᠡᠶ᠄ | ︵ᠨᠢᠭᠡ︶ ᠪᠢᠴᠢᠭᠯᠡᠭᠰᠡᠨ ᠮᠠᠲ᠋ᠧᠷᠢᠶᠠᠯ ᠤᠨ ᠳᠦᠷᠢᠮ | ︵ᠬᠤᠶᠠᠷ︶ ᠠᠭᠤᠯᠭ᠎ᠠ ᠨᠢ ᠬᠠᠤᠯᠢ ᠳᠤ ᠨᠡᠶᠢᠴᠡᠨ᠎ᠡ | ︵ᠭᠤᠷᠪᠠ︶ ᠬᠤᠶᠠᠷ ᠲᠠᠯ᠎ᠠ ᠶᠢᠨ ᠲᠤᠬᠠᠢ ᠶᠢᠨ ᠬᠥᠮᠦᠨ ᠭᠠᠷ ᠤᠨ ᠦᠰᠦᠭ ᠵᠢᠷᠤᠬᠤ᠂ ᠲᠠᠮᠠᠭ᠎ᠠ ᠳᠠᠷᠤᠬᠤ | ᠪᠤᠶᠤ ᠬᠤᠷᠤᠭᠤᠨ ᠣᠷᠣᠮ ᠳᠠᠷᠤᠬᠤ︔ | ︵ᠲᠦᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ | ᠱᠠᠭᠠᠷᠳᠠᠯᠭ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ | ᠬᠥᠳᠡᠭᠡ ᠲᠣᠰᠬᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ ᠤ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠮᠢᠶᠠᠷᠤᠯᠲᠠ ᠶᠢᠨ | ᠰᠠᠯᠠᠭ᠎ᠠ ᠮᠥᠴᠢᠷ ᠨᠢ ᠳᠠᠭᠠᠭᠠᠴᠢᠯᠠᠭᠤᠯᠤᠭᠰᠠᠨ ᠲᠠᠯ᠎ᠠ ᠪᠣᠯᠤᠨ ᠳᠠᠭᠠᠭᠠᠴᠢᠯᠠᠭᠰᠠᠨ ᠲᠠᠯ᠎ᠠ ᠶᠢᠨ ᠳᠠᠭᠠᠭᠠᠴᠢᠯᠠᠯᠲᠠ ᠶᠢᠨ | ᠭᠡᠷ᠎ᠡ ᠲᠣᠭᠲᠠᠬᠤ᠂ ᠬᠤᠪᠢᠷᠠᠭᠠᠬᠤ ᠪᠤᠶᠤ ᠳᠠᠭᠤᠰᠬᠠᠬᠤ ᠶᠢ ᠬᠠᠤᠯᠢ ᠶᠣᠰᠣᠭᠠᠷ ᠵᠢᠯᠣᠭᠤᠳᠬᠤ ᠶᠢᠨ ᠬᠠᠮᠲᠤ | ᠳᠠᠭᠠᠭᠠᠴᠢᠯᠠᠯᠲᠠ ᠶᠢᠨ ᠭᠡᠷ᠎ᠡ ᠳᠤ ᠬᠢᠨᠠᠯᠲᠠ ᠲᠠᠯᠪᠢᠬᠤ ᠶᠢ ᠬᠡᠷᠡᠭᠵᠢᠭᠦᠯᠵᠦ᠂ ᠡᠮᠦᠨᠡᠬᠢ ᠵᠤᠷᠪᠤᠰ ᠤᠨ ᠱᠠᠭᠠᠷᠳᠠᠯᠭ᠎ᠠ ᠳᠤ | ᠨᠡᠶᠢᠴᠡᠬᠦ ᠦᠭᠡᠶ ᠶᠢ ᠣᠯᠵᠤ ᠮᠡᠳᠡᠪᠡᠯ᠂ ᠳᠠᠭᠠᠭᠠᠴᠢᠯᠠᠭᠤᠯᠤᠭᠰᠠᠨ ᠲᠠᠯ᠎ᠠ ᠳᠤ ᠴᠠᠭ ᠲᠤᠬᠠᠶ ᠳᠤᠨᠢ ᠮᠡᠳᠡᠭᠳᠡᠵᠦ | ᠵᠠᠯᠠᠷᠠᠭᠤᠯᠬᠤ ᠬᠡᠷᠡᠭᠲᠡᠶ᠃ | ᠠᠷᠪᠠᠨ ᠨᠢᠭᠡᠳᠦᠭᠡᠷ ᠵᠦᠢᠯ ᠲᠠᠭᠠᠭᠠᠴᠢᠯᠠᠭᠤᠯᠤᠭᠴᠢ ᠪᠣᠯᠤᠨ ᠳᠠᠭᠠᠭᠠᠴᠢᠯᠠᠭᠴᠢ ᠪᠢᠴᠢᠭ ᠢᠶᠠᠷ | ᠳᠠᠴᠢᠯᠠᠯᠲᠠ ᠶᠢᠨ ᠭᠡᠷ ᠢᠶᠠᠨ ᠪᠠᠶᠢᠭᠤᠯᠬᠤ ᠬᠡᠷᠡᠭᠲᠡᠢ᠃ | ᠳᠠᠭᠠᠭᠠᠴᠢᠯᠠᠬᠤ ᠭᠡᠷ᠎ᠡ ᠳᠤ ᠡᠩ ᠤᠨ ᠪᠠᠶᠢᠳᠠᠯ ᠳᠤ ᠲᠤᠤᠷᠠᠬᠢ ᠵᠦᠢᠯ ᠢ ᠪᠠᠭᠲᠠᠭᠠᠨ᠎ᠠ᠄ | ︵ᠨᠢᠭᠡ︶ ᠳᠠᠭᠠᠭᠠᠴᠢᠯᠠᠭᠤᠯᠤᠭᠰᠠᠨ ᠲᠠᠯ᠎ᠠ᠂ ᠳᠠᠭᠠᠭᠠᠴᠢᠯᠠᠭᠰᠠᠨ ᠲᠠᠯ᠎ᠠ ᠶᠢᠨ ᠨᠡᠷᠡᠶᠢᠳᠤᠯ᠂ | ᠳᠠᠭᠠᠭᠠᠴᠢᠯᠠᠭᠤᠯᠤᠭᠰᠠᠨ ᠲᠠᠯ᠎ᠠ ᠶᠢᠨ ᠬᠠᠷᠢᠭᠤᠴᠠᠯᠭᠠᠲᠠᠨ ᠪᠣᠯᠣᠨ ᠳᠠᠭᠠᠭᠠᠴᠢᠯᠠᠭᠰᠠᠨ ᠲᠠᠯ᠎ᠠ ᠶᠢᠨ ᠲᠥᠯᠥᠭᠡᠯᠡᠭᠴᠢ ᠶᠢᠨ | ᠣᠪᠣᠭ ᠨᠡᠷ᠎ᠡ᠂ ᠣᠷᠣᠨ ᠰᠠᠭᠤᠴᠠ︔ | ︵ᠬᠤᠶᠠᠷ︶ ᠳᠠᠭᠠᠭᠠᠴᠢᠯᠠᠭᠰᠠᠨ ᠭᠠᠵᠠᠷ ᠰᠢᠷᠣᠶ ᠶᠢᠨ ᠨᠡᠷᠡᠶᠢᠳᠦᠯ᠂ ᠪᠠᠶᠢᠷᠢᠯᠠᠯ᠂ ᠲᠠᠯᠠᠪᠠᠶ᠂ ᠶᠠᠰᠤ ᠴᠢᠨᠠᠷ ᠤᠨ | ᠵᠡᠷᠭᠡ ᠳᠡᠰ᠃ | ︵ᠭᠤᠷᠪᠠ︶ ᠳᠠᠭᠠᠭᠠᠴᠢᠯᠠᠭᠴᠢ ᠶᠢᠨ ᠭᠡᠷ ᠪᠦᠯᠢ ᠶᠢᠨ ᠪᠦᠷᠢᠯᠳᠦᠬᠦᠨ ᠤ ᠮᠡᠳᠡᠭᠡ ᠵᠠᠩᠭᠢ︔ | ︵ᠲᠦᠷᠪᠡ︶ ᠳᠠᠭᠠᠭᠠᠴᠢᠯᠠᠯᠲᠠ ᠶᠢᠨ ᠬᠤᠭᠤᠴᠠᠭ᠎ᠠ ᠪᠠ ᠡᠬᠢᠯᠡᠬᠦ ᠳᠠᠭᠤᠰᠬᠤ ᠡᠳᠦᠷ︔ | ︵ᠲᠠᠪᠤ︶ ᠭᠠᠵᠠᠷ ᠰᠢᠷᠣᠶ ᠳᠠᠭᠠᠭᠠᠴᠢᠯᠠᠬᠤ ᠬᠡᠷᠡᠭᠯᠡᠯᠲᠡ︔ | ︵ᠵᠢᠷᠭᠤᠭ᠎ᠠ︶ ᠳᠠᠭᠠᠭᠠᠴᠢᠯᠠᠭᠤᠯᠤᠭᠰᠠᠨ ᠲᠠᠯ᠎ᠠ ᠪᠠ ᠳᠠᠭᠠᠭᠠᠴᠢᠯᠠᠭᠰᠠᠨ ᠡᠲᠡᠭᠡᠳ ᠤᠨ ᠡᠷᠬᠡ ᠪᠠ ᠡᠭᠦᠷᠭᠡ | ︵ᠳᠤᠯᠤᠭ᠎ᠠ︶ ᠭᠡᠷ᠎ᠡ ᠵᠥᠷᠢᠴᠡᠭᠰᠡᠨ ᠬᠠᠷᠢᠭᠤᠴᠠᠯᠭ᠎ᠠ᠃ | ᠳᠠᠭᠠᠭᠠᠴᠢᠯᠠᠯᠲᠠ ᠶᠢᠨ ᠭᠡᠷ᠎ᠡ ᠶᠢᠨ ᠦᠯᠢᠭᠡᠷ ᠪᠢᠴᠢᠭ ᠢ ᠬᠥᠳᠡᠭᠡ ᠠᠵᠤ ᠠᠬᠤᠢ ᠬᠥᠳᠡᠭᠡ ᠲᠣᠰᠬᠤᠨ ᠤ | ᠶᠠᠮᠤᠨ ᠠᠴᠠ ᠲᠣᠭᠲᠠᠭᠠᠨ᠎ᠠ᠃ | ᠠᠷᠪᠠᠨ ᠬᠤᠶᠠᠳᠤᠭᠠᠷ ᠵᠦᠢᠯ ᠳᠠᠭᠠᠭᠠᠴᠢᠯᠠᠯᠲᠠ ᠶᠢᠨ ᠭᠡᠷ᠎ᠡ ᠨᠢ ᠬᠤᠶᠠᠷ ᠲᠠᠯ᠎ᠠ ᠶᠢᠨ ᠲᠤᠬᠠᠢ ᠶᠢᠨ ᠬᠦᠮᠦᠨ ᠤ | ᠭᠠᠷ ᠤᠨ ᠦᠰᠦᠭ ᠵᠢᠷᠤᠬᠤ᠂ ᠲᠠᠮᠠᠭ᠎ᠠ ᠳᠠᠷᠤᠬᠤ ᠪᠤᠶᠤ ᠬᠤᠷᠤᠭᠤᠨ ᠲᠠᠮᠠᠭ᠎ᠠ ᠳᠠᠷᠤᠬᠤ ᠳᠤ ᠪᠠᠶᠢᠭᠤᠯᠤᠭᠳᠠᠨ᠎ᠠ᠃ | ᠠᠷᠪᠠᠨ ᠭᠤᠷᠪᠠᠳᠤᠭᠠᠷ ᠵᠦᠢᠯ ᠲᠠᠭᠠᠭᠠᠴᠢᠯᠠᠬᠤ ᠬᠤᠭᠤᠴᠠᠭᠠᠨ ᠳᠤ ᠲᠤᠤᠷ᠎ᠠ ᠵᠢᠭᠰᠠᠭᠠᠭᠰᠠᠨ ᠪᠠᠶᠢᠳᠠᠯ ᠤᠳ ᠤᠨ | ᠨᠢᠭᠡ ᠨᠢ ᠪᠠᠶᠢᠪᠠᠯ᠂ ᠲᠠᠭᠠᠭᠠᠴᠢᠯᠠᠯᠳᠠ ᠶᠢᠨ ᠭᠡᠷ᠎ᠡ ᠶᠢ ᠬᠤᠪᠢᠷᠠᠭᠤᠯᠤᠨ᠎ᠠ᠄ | ︵ᠨᠢᠭᠡ︶ ᠳᠠᠭᠠᠭᠠᠴᠢᠯᠠᠭᠰᠠᠨ ᠲᠠᠯ᠎ᠠ ᠨᠢ ᠬᠠᠤᠯᠢ ᠶᠣᠰᠣᠭᠠᠷ ᠰᠠᠯᠭᠠᠨ ᠪᠠᠶᠢᠭᠤᠯᠤᠭᠰᠠᠨ ᠪᠤᠶᠤ ᠨᠡᠶᠢᠯᠡᠭᠦᠯᠦᠭᠰᠡᠨ | ᠪᠠᠶᠢᠪᠠᠯ︔ | ︵ᠬᠤᠶᠠᠷ︶ ᠳᠠᠭᠠᠭᠠᠴᠢᠯᠠᠭᠤᠯᠤᠭᠰᠠᠨ ᠲᠠᠯ᠎ᠠ ᠨᠢ ᠳᠠᠭᠠᠭᠠᠴᠢᠯᠠᠭᠰᠠᠨ ᠭᠠᠵᠠᠷ ᠢᠶᠠᠨ ᠬᠠᠤᠯᠢ ᠶᠣᠰᠣᠭᠠᠷ | ᠲᠣᠬᠢᠷᠠᠭᠤᠯᠤᠭᠰᠠᠨ ᠪᠠᠶᠢᠪᠠᠯ︔ | ︵ᠭᠤᠷᠪᠠ︶ ᠳᠠᠭᠠᠭᠠᠴᠢᠯᠠᠭᠰᠠᠨ ᠲᠠᠯ᠎ᠠ ᠨᠢ ᠰᠠᠶᠢᠨ ᠳᠤᠷ᠎ᠠ ᠠᠴᠠ ᠪᠠᠨ ᠬᠡᠰᠡᠭ ᠳᠠᠭᠠᠭᠠᠴᠢᠯᠠᠭᠰᠠᠨ ᠭᠠᠵᠠᠷ ᠢᠶᠠᠨ | ᠪᠤᠴᠠᠭᠠᠭᠰᠠᠨ︔ | ︵ᠲᠦᠷᠪᠡ︶ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠨᠢ ᠬᠠᠷᠢᠯᠴᠠᠨ ᠰᠣᠯᠢᠬᠤ᠃ | ︵ᠲᠠᠪᠤ︶ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠨᠢᠭᠡ ᠬᠡᠰᠡᠭ ᠢ ᠨᠢ ᠰᠢᠯᠵᠢᠭᠦᠯᠦᠨ ᠥᠭᠬᠦ᠃ | ︵ᠵᠢᠷᠭᠤᠭ᠎ᠠ︶ ᠳᠠᠭᠠᠭᠠᠴᠢᠯᠠᠭᠰᠠᠨ ᠭᠠᠵᠠᠷ ᠤᠨ ᠵᠠᠷᠢᠮ ᠢ ᠨᠢ ᠲᠠᠲᠠᠪᠤᠷᠢᠯᠠᠭᠰᠠᠨ᠃ | ︵ᠳᠤᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠳᠤ ᠲᠣᠭᠲᠠᠭᠠᠭᠰᠠᠨ | ᠪᠤᠰᠤᠳ ᠪᠠᠶᠢᠳᠠᠯ᠃ | ᠳᠠᠭᠠᠭᠠᠴᠢᠯᠠᠯᠲᠠ ᠶᠢᠨ ᠭᠡᠷ᠎ᠡ ᠶᠢ ᠬᠤᠪᠢᠷᠠᠭᠤᠯᠤᠭᠰᠠᠨ ᠪᠠᠶᠢᠪᠠᠯ᠂ ᠬᠤᠪᠢᠷᠠᠭᠤᠯᠤᠭᠰᠠᠨ ᠤ ᠳᠠᠷᠠᠭᠠᠬᠢ | ᠳᠠᠭᠠᠭᠠᠴᠢᠯᠠᠯᠲᠠ ᠶᠢᠨ ᠬᠤᠭᠤᠴᠠᠭᠠᠨ ᠤ ᠬᠢᠵᠠᠭᠠᠷ ᠨᠢ ᠳᠠᠭᠠᠭᠠᠴᠢᠯᠠᠯᠲᠠ ᠶᠢᠨ ᠬᠤᠭᠤᠴᠠᠭᠠᠨ ᠤ ᠦᠯᠡᠳᠡᠭᠰᠡᠨ | ᠬᠤᠭᠤᠴᠠᠭᠠᠨ ᠠᠴᠠ ᠬᠡᠲᠦᠷᠡᠵᠦ ᠪᠣᠯᠬᠤ ᠦᠭᠡᠢ᠃ | ᠠᠷᠪᠠᠨ ᠳᠥᠷᠪᠡᠳᠦᠭᠡᠷ ᠵᠦᠢᠯ ᠳᠠᠭᠠᠭᠠᠴᠢᠯᠠᠯᠲᠠ ᠶᠢᠨ ᠬᠤᠭᠤᠴᠠᠭᠠᠨ ᠳᠤ ᠳᠣᠣᠷᠠᠬᠢ ᠵᠢᠭᠰᠠᠭᠠᠭᠰᠠᠨ | ᠪᠠᠶᠢᠳᠠᠯ ᠤᠨ ᠠᠯᠢ ᠨᠢᠭᠡ ᠪᠠᠶᠢᠪᠠᠯ᠂ ᠳᠠᠭᠠᠭᠠᠴᠢᠯᠠᠯᠲᠠ ᠶᠢᠨ ᠭᠡᠷ᠎ᠡ ᠶᠢ ᠳᠠᠭᠤᠰᠬᠠᠨ᠎ᠠ᠄ | ︵ᠨᠢᠭᠡ︶ ᠳᠠᠭᠠᠭᠠᠴᠢᠯᠠᠭᠰᠠᠨ ᠲᠠᠯ᠎ᠠ ᠨᠢ ᠤᠰᠠᠳᠤᠭᠰᠠᠨ᠃ | ︵ᠬᠤᠶᠠᠷ︶ ᠳᠠᠭᠠᠭᠠᠴᠢᠯᠠᠭᠰᠠᠨ ᠲᠠᠯ᠎ᠠ ᠨᠢ ᠪᠦᠬᠦ ᠳᠠᠭᠠᠭᠠᠴᠢᠯᠠᠭᠰᠠᠨ ᠭᠠᠵᠠᠷ ᠢᠶᠠᠨ ᠰᠠᠶᠢᠨ ᠳᠤᠷ᠎ᠠ ᠠᠴᠠ ᠪᠠᠨ | ᠲᠤᠰᠢᠶᠠᠭᠰᠠᠨ︔ | ︵ᠭᠤᠷᠪᠠ︶ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠪᠦᠬᠦᠨ ᠢ ᠰᠢᠯᠵᠢᠭᠦᠯᠦᠨ ᠥᠭᠭᠦᠭᠰᠡᠨ | ︵ᠲᠦᠷᠪᠡ︶ ᠳᠠᠭᠠᠭᠠᠴᠢᠯᠠᠭᠰᠠᠨ ᠭᠠᠵᠠᠷ ᠨᠢ ᠪᠦᠬᠦᠨ ᠢᠶᠠᠷ ᠨᠢ ᠲᠠᠲᠠᠪᠤᠷᠢᠯᠠᠭᠳᠠᠭᠰᠠᠨ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ | ᠪᠠᠶᠢᠳᠠᠯ᠃ | ᠠᠷᠪᠠᠨ ᠲᠠᠪᠤᠳᠤᠭᠠᠷ ᠵᠦᠢᠯ ᠳᠠᠭᠠᠭᠠᠴᠢᠯᠠᠭᠰᠠᠨ ᠭᠠᠵᠠᠷ ᠲᠠᠲᠠᠪᠤᠷᠢᠯᠠᠭᠳᠠᠭᠰᠠᠨ᠂ ᠳᠠᠭᠠᠭᠠᠴᠢᠯᠠᠭᠤᠯᠤᠭᠰᠠᠨ | ᠲᠠᠯ᠎ᠠ ᠨᠢ ᠳᠠᠭᠠᠭᠠᠴᠢᠯᠠᠭᠰᠠᠨ ᠭᠠᠵᠠᠷ ᠪᠤᠶᠤ ᠳᠠᠭᠠᠭᠠᠴᠢᠯᠠᠭᠰᠠᠨ ᠲᠠᠯ᠎ᠠ ᠨᠢ ᠤᠰᠠᠳᠤᠭᠰᠠᠨ ᠪᠣᠯ | ᠳᠠᠭᠠᠭᠠᠴᠢᠯᠠᠭᠤᠯᠤᠭᠰᠠᠨ ᠲᠠᠯ᠎ᠠ ᠨᠢ ᠳᠠᠭᠠᠭᠠᠴᠢᠯᠠᠯᠲᠠ ᠶᠢᠨ ᠭᠡᠷ᠎ᠡ ᠪᠠᠨ ᠬᠤᠪᠢᠷᠠᠭᠤᠯᠬᠤ ᠪᠤᠶᠤ ᠡᠴᠦᠰᠯᠡᠭᠦᠯᠬᠦ ᠬᠡᠷᠡᠭᠲᠡᠶ | ᠃ | ᠡᠮᠤᠨᠡᠬᠢ ᠪᠠᠳᠠᠭ ᠲᠤ ᠲᠤᠭᠳᠠᠭᠠᠭᠰᠠᠨ ᠪᠠᠶᠢᠳᠠᠯ ᠢ ᠭᠠᠷᠭᠠᠪᠠᠯ᠂ ᠲᠠᠭᠠᠭᠠᠴᠢᠯᠠᠯᠳᠠ ᠶᠢᠨ ᠭᠡᠷ᠎ᠡ ᠶᠢ | ᠬᠤᠪᠢᠷᠠᠭᠤᠯᠤᠭᠰᠠᠨ᠂ ᠲᠠᠭᠤᠰᠬᠠᠭᠰᠠᠨ ᠪᠠᠶᠢᠪᠠᠯ᠂ ᠲᠠᠭᠠᠭᠠᠴᠢᠯᠠᠯᠳᠠ ᠶᠢᠨ ᠲᠠᠯ᠎ᠠ ᠠᠴᠠ ᠲᠠᠭᠠᠭᠠᠴᠢᠯᠠᠯᠳᠠ ᠬᠢᠯᠭᠡᠭᠦ ᠪᠠᠷ | ᠭᠤᠶᠤᠴᠢᠯᠠᠬᠤ ᠶᠢᠨ ᠬᠠᠮᠳᠤ᠂ ᠲᠤᠤᠷᠠᠬᠢ ᠮᠠᠲ᠋ᠧᠷᠢᠶᠠᠯ ᠤᠳ ᠢ ᠲᠤᠰᠢᠶᠠᠨ᠎ᠠ᠄ | ︵ᠨᠢᠭᠡ︶ ᠳᠠᠭᠠᠭᠠᠴᠢᠯᠠᠯᠲᠠ ᠶᠢᠨ ᠭᠡᠷ᠎ᠡ ᠶᠢ ᠬᠤᠪᠢᠷᠠᠭᠤᠯᠵᠤ ᠡᠴᠦᠰᠯᠡᠭᠦᠯᠦᠭᠰᠡᠨ ᠭᠤᠶᠤᠴᠢᠯᠠᠯ︔ | ︵ᠬᠤᠶᠠᠷ︶ ᠤᠤᠯ ᠤᠨ ᠳᠠᠭᠠᠭᠠᠴᠢᠯᠠᠯᠲᠠ ᠶᠢᠨ ᠭᠡᠷ᠎ᠡ | ︵ᠭᠤᠷᠪᠠ︶ ᠳᠠᠭᠠᠭᠠᠴᠢᠯᠠᠭᠰᠠᠨ ᠲᠠᠯ᠎ᠠ ᠶᠢ ᠰᠠᠯᠭᠠᠬᠤ ᠪᠤᠶᠤ ᠨᠡᠶᠢᠯᠡᠭᠦᠯᠬᠦ ᠵᠥᠪᠯᠡᠯᠴᠡᠭᠡᠷ᠂ ᠳᠠᠭᠠᠭᠠᠴᠢᠯᠠᠭᠰᠠᠨ | ᠭᠠᠵᠠᠷ ᠢ ᠪᠢᠴᠢᠭ ᠢᠶᠠᠷ ᠮᠡᠳᠡᠭᠳᠡᠬᠦ ᠪᠤᠶᠤ ᠵᠥᠪᠯᠡᠯᠴᠡᠭᠡᠷ᠂ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ | ᠬᠠᠷᠢᠯᠴᠠᠨ ᠭᠡᠷ᠎ᠡ ᠪᠠ ᠰᠢᠯᠵᠢᠭᠦᠯᠦᠨ ᠥᠭᠬᠦ ᠭᠡᠷ᠎ᠡ ᠵᠡᠷᠭᠡ ᠪᠤᠰᠤᠳ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ | ᠰᠣᠯᠢᠯᠴᠠᠬᠤ ᠬᠡᠷᠡᠭᠲᠡᠢ︔ | ︵ᠲᠦᠷᠪᠡ︶ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠲᠠᠢ ᠭᠡᠷ ᠪᠦᠯᠢ ᠶᠢᠨ ᠪᠦᠬᠦ ᠪᠦᠷᠢᠯᠳᠦᠬᠦᠨ ᠨᠢ | ᠳᠠᠭᠠᠭᠠᠴᠢᠯᠠᠯᠲᠠ ᠶᠢᠨ ᠭᠡᠷ᠎ᠡ ᠪᠠᠨ ᠬᠤᠪᠢᠷᠠᠭᠠᠬᠤ᠂ ᠳᠠᠭᠤᠰᠬᠠᠬᠤ ᠶᠢ ᠵᠥᠪᠰᠢᠶᠡᠷᠡᠭᠰᠡᠨ ᠪᠢᠴᠢᠭᠯᠡᠭᠰᠡᠨ ᠮᠠᠲ᠋ᠧᠷᠢᠶᠠᠯ᠃ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ | ᠮᠠᠲ᠋ᠧᠷᠢᠶᠠᠯ᠃ | ᠠᠷᠪᠠᠨ ᠵᠢᠷᠭᠤᠳᠤᠭᠠᠷ ᠵᠦᠢᠯ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ | ᠬᠥᠳᠡᠭᠡ ᠲᠣᠰᠬᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ | ᠪᠣᠳᠠᠲᠤ ᠪᠠᠶᠢᠳᠠᠯ ᠢ ᠦᠨᠳᠦᠰᠦᠯᠡᠨ ᠳᠠᠭᠠᠭᠠᠴᠢᠯᠠᠭᠰᠠᠨ ᠲᠠᠯ᠎ᠠ ᠶᠢ ᠰᠠᠯᠭᠠᠨ ᠪᠠᠶᠢᠭᠤᠯᠬᠤ᠂ ᠨᠡᠶᠢᠯᠡᠭᠦᠯᠬᠦ᠂ | ᠤᠰᠠᠳᠤᠭᠰᠠᠨ ᠠᠴᠠ ᠪᠣᠯᠵᠤ ᠳᠠᠭᠠᠭᠠᠴᠢᠯᠠᠯᠲᠠ ᠶᠢᠨ ᠭᠡᠷ᠎ᠡ ᠶᠢ ᠬᠤᠪᠢᠷᠠᠭᠤᠯᠬᠤ᠂ ᠳᠠᠭᠤᠰᠬᠠᠬᠤ ᠪᠣᠳᠠᠲᠠᠶ | ᠲᠣᠭᠲᠠᠭᠠᠯ ᠢ ᠬᠠᠤᠯᠢ ᠶᠣᠰᠣᠭᠠᠷ ᠲᠣᠭᠲᠠᠭᠠᠵᠤ ᠪᠣᠯᠤᠨ᠎ᠠ᠃ | ᠠᠷᠪᠠᠨ ᠳᠣᠯᠣᠳᠤᠭᠠᠷ ᠵᠦᠢᠯ ᠳᠠᠭᠠᠭᠠᠴᠢᠯᠠᠵᠤ ᠪᠠᠶᠢᠬᠤ ᠬᠤᠭᠤᠴᠠᠭᠠᠨ ᠳᠣᠲᠣᠷ᠎ᠠ᠂ ᠪᠠᠶᠢᠭᠠᠯᠢ ᠶᠢᠨ ᠭᠠᠮᠰᠢᠭ | ᠬᠦᠨᠳᠦ ᠨᠣᠴᠢᠲᠠᠶ ᠬᠤᠬᠢᠷᠠᠭᠰᠠᠨ ᠵᠡᠷᠭᠡ ᠣᠨᠴᠣᠭᠤᠶ ᠪᠠᠶᠢᠳᠠᠯ ᠠᠴᠠ ᠪᠣᠯᠵᠤ ᠣᠨᠴᠠ ᠵᠠᠷᠢᠮ ᠲᠠᠷᠢᠶᠠᠯᠠᠬᠤ | ᠡᠷᠦᠬᠡ ᠶᠢᠨ ᠬᠤᠭᠤᠷᠣᠨᠳᠣ ᠪᠠᠨ ᠳᠠᠭᠠᠭᠠᠴᠢᠯᠠᠭᠰᠠᠨ ᠭᠠᠵᠠᠷ ᠲᠤ ᠵᠣᠬᠢᠰᠲᠠᠶ ᠲᠣᠬᠢᠷᠠᠭᠤᠯᠤᠯᠲᠠ ᠬᠢᠬᠦ ᠴᠢᠬᠤᠯᠠ ᠲᠠᠢ | ᠪᠣᠯ ᠳᠠᠭᠠᠭᠠᠴᠢᠯᠠᠭᠤᠯᠤᠭᠰᠠᠨ ᠲᠠᠯ᠎ᠠ ᠨᠢ ᠳᠠᠭᠠᠭᠠᠴᠢᠯᠠᠭᠰᠠᠨ ᠭᠠᠵᠠᠷ ᠲᠤ ᠲᠣᠬᠢᠷᠠᠭᠤᠯᠤᠯᠲᠠ ᠬᠢᠬᠦ ᠲᠥᠰᠦᠯ | ᠲᠣᠭᠲᠠᠭᠠᠬᠤ ᠶᠢᠨ ᠬᠠᠮᠲᠤ ᠲᠤᠰ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤ | ᠲᠣᠰᠬᠤᠨ ᠤ ᠠᠷᠠᠳ ᠤᠨ ᠬᠤᠷᠠᠯ ᠤᠨ ᠭᠤᠷᠪᠠᠨ ᠤ ᠬᠤᠶᠠᠷ ᠬᠤᠪᠢ ᠠᠴᠠ ᠳᠡᠭᠡᠭᠰᠢᠬᠢ ᠪᠦᠷᠢᠯᠳᠦᠬᠦᠨ ᠪᠤᠶᠤ | ᠭᠤᠷᠪᠠᠨ ᠤ ᠬᠤᠶᠠᠷ ᠬᠤᠪᠢ ᠠᠴᠠ ᠳᠡᠭᠡᠭᠰᠢᠬᠢ ᠲᠣᠰᠬᠤᠨ ᠤ ᠠᠷᠠᠳ ᠤᠨ ᠲᠥᠯᠥᠭᠡᠯᠡᠭᠴᠢ ᠪᠠᠷ ᠵᠥᠪᠰᠢᠶᠡᠷᠡᠭᠦᠯᠬᠦ | ᠬᠡᠷᠡᠭᠲᠡᠶ᠃ ᠳᠠᠴᠢᠯᠠᠯᠲᠠ ᠶᠢᠨ ᠭᠡᠷ᠎ᠡ ᠳᠤ ᠲᠣᠬᠢᠷᠠᠭᠤᠯᠤᠯᠲᠠ ᠬᠢᠵᠦ ᠴᠢᠳᠠᠬᠤ ᠦᠭᠡᠢ ᠪᠣᠯ ᠪᠣᠯᠵᠣᠨ ᠲᠣᠭᠲᠠᠭᠰᠠᠨ | ᠶᠣᠰᠣᠭᠠᠷ ᠬᠢᠬᠦ ᠬᠡᠷᠡᠭᠲᠡᠢ᠃ | ᠲᠣᠬᠢᠷᠠᠭᠤᠯᠬᠤ ᠲᠥᠰᠦᠯ ᠢ ᠪᠠᠲᠤᠯᠠᠭᠰᠠᠨ ᠡᠳᠦᠷ ᠠᠴᠠ ᠡᠬᠢᠯᠡᠨ ᠬᠤᠷᠢᠨ ᠠᠵᠢᠯᠯᠠᠬᠤ ᠡᠳᠦᠷ ᠤᠨ ᠳᠣᠲᠣᠷ᠎ᠠ᠂ | ᠳᠠᠭᠠᠭᠠᠴᠢᠯᠠᠭᠤᠯᠤᠭᠰᠠᠨ ᠲᠠᠯ᠎ᠠ ᠨᠢ ᠲᠣᠬᠢᠷᠠᠭᠤᠯᠬᠤ ᠲᠥᠰᠦᠯ ᠢᠶᠠᠨ ᠰᠢᠶᠠᠩ ︵ᠪᠠᠯᠭᠠᠰᠤ︶ ᠤᠨ ᠠᠷᠠᠳ ᠤᠨ | ᠵᠠᠰᠠᠭ ᠤᠨ ᠣᠷᠳᠣᠨ ᠪᠣᠯᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ | ᠲᠣᠰᠬᠤᠨ ᠤ ᠭᠤᠤᠯᠴᠢᠯᠠᠨ ᠬᠠᠮᠢᠶᠠᠷᠬᠤ ︵ᠬᠥᠳᠡᠭᠡ ᠲᠣᠰᠬᠤᠨ ᠤ ᠡᠵᠡᠩᠨᠡᠯᠲᠡ ᠬᠠᠮᠢᠶᠠᠷᠤᠯᠲᠠ︶ ᠤᠨ ᠰᠠᠯᠠᠭ᠎ᠠ | ᠮᠥᠴᠢᠷ ᠲᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃ | ᠰᠢᠶᠠᠩ ︵ᠪᠠᠯᠭᠠᠰᠤ︶ ᠤᠨ ᠠᠷᠠᠳ ᠤᠨ ᠵᠠᠰᠠᠭ ᠤᠨ ᠣᠷᠳᠣᠨ ᠨᠢ ᠬᠤᠷᠢᠨ ᠠᠵᠢᠯᠯᠠᠬᠤ ᠡᠳᠦᠷ ᠤᠨ ᠳᠣᠲᠣᠷ᠎ᠠ | ᠲᠣᠬᠢᠷᠠᠭᠤᠯᠤᠯᠲᠠ ᠶᠢᠨ ᠲᠥᠰᠦᠯ ᠢ ᠬᠢᠨᠠᠨ ᠵᠥᠪᠰᠢᠶᠡᠷᠡᠬᠦ ᠶᠢᠨ ᠬᠠᠮᠲᠤ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠭᠤᠤᠯᠴᠢᠯᠠᠨ ᠬᠠᠮᠢᠶᠠᠷᠬᠤ ︵ᠬᠥᠳᠡᠭᠡ ᠲᠣᠰᠬᠤᠨ ᠤ ᠡᠵᠡᠩᠨᠡᠯᠲᠡ | ᠬᠠᠮᠢᠶᠠᠷᠤᠯᠲᠠ︶ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ︔ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠭᠤᠤᠯᠴᠢᠯᠠᠨ ᠬᠠᠮᠢᠶᠠᠷᠬᠤ ︵ᠬᠥᠳᠡᠭᠡ ᠲᠣᠰᠬᠤᠨ ᠤ ᠡᠵᠡᠩᠨᠡᠯᠲᠡ | ᠬᠠᠮᠢᠶᠠᠷᠤᠯᠲᠠ︶ ᠰᠠᠯᠠᠭ᠎ᠠ ᠮᠥᠴᠢᠷ ᠨᠢ ᠬᠤᠷᠢᠨ ᠠᠵᠢᠯᠯᠠᠬᠤ ᠡᠳᠦᠷ ᠤᠨ ᠳᠣᠲᠣᠷ᠎ᠠ ᠲᠣᠬᠢᠷᠠᠭᠤᠯᠤᠯᠲᠠ ᠶᠢᠨ | ᠲᠥᠰᠦᠯ ᠢ ᠬᠢᠨᠠᠨ ᠵᠥᠪᠰᠢᠶᠡᠷᠡᠬᠦ ᠪᠠᠨ ᠪᠡᠶᠡᠯᠡᠭᠦᠯᠬᠦ ᠬᠡᠷᠡᠭᠲᠡᠶ᠃ ᠰᠢᠶᠠᠩ ︵ᠪᠠᠯᠭᠠᠰᠤ︶ ᠤᠨ ᠠᠷᠠᠳ ᠤᠨ ᠵᠠᠰᠠᠭ ᠤᠨ | ᠣᠷᠳᠣᠨ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ | ᠭᠤᠤᠯᠴᠢᠯᠠᠨ ᠬᠠᠮᠢᠶᠠᠷᠬᠤ ︵ᠬᠥᠳᠡᠭᠡ ᠲᠣᠰᠬᠤᠨ ᠤ ᠡᠵᠡᠩᠨᠡᠯᠲᠡ ᠬᠠᠮᠢᠶᠠᠷᠤᠯᠲᠠ︶ ᠰᠠᠯᠠᠭ᠎ᠠ ᠮᠥᠴᠢᠷ ᠤᠳ ᠬᠠᠤᠯᠢ | ᠴᠠᠭᠠᠵᠠ᠂ ᠬᠠᠤᠯᠢ ᠲᠣᠭᠲᠠᠭᠠᠯ ᠪᠣᠯᠤᠨ ᠳᠦᠷᠢᠮ ᠲᠣᠭᠲᠠᠭᠠᠯ ᠠᠴᠠ ᠵᠥᠷᠢᠴᠡᠭᠰᠡᠨ ᠳᠤ ᠲᠣᠬᠢᠷᠠᠭᠤᠯᠤᠯᠲᠠ ᠬᠢᠬᠦ | ᠲᠥᠰᠦᠯ ᠢᠶᠠᠨ ᠴᠠᠭ ᠲᠤᠬᠠᠶ ᠳᠤᠨᠢ ᠳᠠᠭᠠᠭᠠᠴᠢᠯᠠᠭᠤᠯᠤᠭᠰᠠᠨ ᠲᠠᠯ᠎ᠠ ᠳᠤ ᠮᠡᠳᠡᠭᠳᠡᠵᠦ ᠵᠠᠯᠠᠷᠠᠭᠤᠯᠬᠤ ᠶᠢᠨ ᠬᠠᠮᠲᠤ | ᠳᠠᠬᠢᠨ ᠭᠤᠶᠤᠴᠢᠯᠠᠨ ᠵᠥᠪᠰᠢᠶᠡᠷᠡᠭᠦᠯᠬᠦ ᠬᠡᠷᠡᠭᠲᠡᠶ᠃ | ᠲᠣᠬᠢᠷᠠᠭᠤᠯᠬᠤ ᠲᠥᠰᠦᠯ ᠢ ᠰᠢᠶᠠᠩ ︵ᠪᠠᠯᠭᠠᠰᠤ︶ ᠤᠨ ᠠᠷᠠᠳ ᠤᠨ ᠵᠠᠰᠠᠭ ᠤᠨ ᠣᠷᠳᠣᠨ ᠪᠣᠯᠤᠨ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠭᠤᠤᠯᠴᠢᠯᠠᠨ ᠬᠠᠮᠢᠶᠠᠷᠬᠤ ︵ | ᠬᠥᠳᠡᠭᠡ ᠲᠣᠰᠬᠤᠨ ᠤ ᠡᠵᠡᠩᠨᠡᠯᠲᠡ ᠬᠠᠮᠢᠶᠠᠷᠤᠯᠲᠠ︶ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠦᠭᠡᠶ ᠪᠣᠯ | ᠳᠠᠭᠠᠭᠠᠴᠢᠯᠠᠭᠤᠯᠤᠭᠰᠠᠨ ᠲᠠᠯ᠎ᠠ ᠨᠢ ᠳᠠᠭᠠᠭᠠᠴᠢᠯᠠᠭᠰᠠᠨ ᠭᠠᠵᠠᠷ ᠢᠶᠠᠨ ᠲᠣᠬᠢᠷᠠᠭᠤᠯᠵᠤ ᠪᠣᠯᠬᠤ ᠦᠭᠡᠶ᠃ | ᠠᠷᠪᠠᠨ ᠨᠠᠢᠮᠠᠳᠤᠭᠠᠷ ᠵᠦᠢᠯ ᠳᠠᠭᠠᠭᠠᠴᠢᠯᠠᠭᠰᠠᠨ ᠲᠠᠯ᠎ᠠ ᠨᠢ ᠳᠠᠭᠠᠭᠠᠴᠢᠯᠠᠭᠤᠯᠤᠭᠰᠠᠨ ᠲᠠᠯ᠎ᠠ ᠳᠤ ᠰᠠᠶᠢᠨ | ᠳᠤᠷ᠎ᠠ ᠠᠴᠠ ᠪᠠᠨ ᠲᠤᠰᠢᠶᠠᠭᠰᠠᠨ ᠪᠤᠶᠤ ᠪᠦᠬᠦᠨ ᠢ ᠨᠢ ᠳᠠᠭᠠᠭᠠᠴᠢᠯᠠᠭᠤᠯᠤᠭᠰᠠᠨ ᠪᠣᠯ ᠳᠠᠭᠠᠭᠠᠴᠢᠯᠠᠭᠰᠠᠨ ᠲᠠᠯ᠎ᠠ | ᠬᠢᠭᠡᠳ ᠳᠠᠭᠠᠭᠠᠴᠢᠯᠠᠭᠤᠯᠤᠭᠰᠠᠨ ᠲᠠᠯ᠎ᠠ ᠶᠢᠨ ᠲᠤᠰ ᠭᠠᠵᠠᠷ ᠰᠢᠷᠣᠶ ᠳᠡᠭᠡᠷᠡᠬᠢ ᠳᠠᠭᠠᠭᠠᠴᠢᠯᠠᠯᠲᠠ ᠶᠢᠨ ᠬᠠᠷᠢᠴᠠᠭ᠎ᠠ ᠨᠢ | ᠳᠠᠭᠤᠰᠴᠤ᠂ ᠳᠠᠭᠠᠭᠠᠴᠢᠯᠠᠭᠰᠠᠨ ᠬᠤᠭᠤᠴᠠᠭᠠᠨ ᠤ ᠳᠣᠲᠣᠷ᠎ᠠ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢᠨ | ᠬᠡᠰᠡᠭ ᠪᠤᠶᠤ ᠪᠦᠬᠦᠨ ᠢ ᠤᠰᠠᠳᠬᠠᠭᠠᠳ ᠭᠠᠵᠠᠷ ᠰᠢᠷᠣᠶ ᠳᠠᠭᠠᠭᠠᠴᠢᠯᠠᠬᠤ ᠪᠠᠷ ᠳᠠᠬᠢᠨ ᠭᠤᠶᠤᠴᠢᠯᠠᠵᠤ ᠪᠣᠯᠬᠤ ᠦᠭᠡᠶ | ᠃ | ᠳᠠᠭᠠᠭᠠᠴᠢᠯᠠᠭᠰᠠᠨ ᠲᠠᠯ᠎ᠠ ᠨᠢ ᠳᠠᠭᠠᠭᠠᠴᠢᠯᠠᠭᠰᠠᠨ ᠭᠠᠵᠠᠷ ᠢᠶᠠᠨ ᠰᠠᠶᠢᠨ ᠳᠤᠷ᠎ᠠ ᠠᠴᠠ ᠪᠠᠨ ᠪᠤᠴᠠᠭᠠᠬᠤ ᠳᠤ | ᠬᠦᠷᠪᠡᠯ ᠬᠠᠭᠠᠰ ᠵᠢᠯ ᠤᠷᠢᠳᠴᠢᠯᠠᠨ ᠪᠢᠴᠢᠭᠯᠡᠭᠰᠡᠨ ᠬᠡᠯᠪᠡᠷᠢ ᠪᠠᠷ ᠳᠠᠭᠠᠭᠠᠴᠢᠯᠠᠭᠤᠯᠤᠭᠰᠠᠨ ᠲᠠᠯ᠎ᠠ ᠳᠤ ᠮᠡᠳᠡᠭᠳᠡᠬᠦ | ᠬᠡᠷᠡᠭᠲᠡᠶ᠃ ᠳᠠᠭᠠᠭᠠᠴᠢᠯᠠᠭᠰᠠᠨ ᠲᠠᠯ᠎ᠠ ᠨᠢ ᠳᠠᠭᠠᠭᠠᠴᠢᠯᠠᠭᠰᠠᠨ ᠭᠠᠵᠠᠷ ᠳᠡᠭᠡᠷ᠎ᠡ ᠪᠠᠨ ᠣᠷᠣᠭᠤᠯᠤᠯᠲᠠ ᠣᠷᠣᠭᠤᠯᠤᠭᠠᠳ | ᠭᠠᠵᠠᠷ ᠰᠢᠷᠣᠶ ᠦᠢᠯᠡᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠭᠰᠡᠨ ᠪᠣᠯ ᠵᠣᠬᠢᠴᠠᠩᠭᠤᠶ ᠪᠦᠬᠦᠢ ᠨᠥᠬᠦᠪᠥᠷᠢ | ᠣᠯᠬᠤ ᠡᠷᠬᠡ ᠲᠠᠢ᠃ ᠳᠠᠭᠠᠭᠠᠴᠢᠯᠠᠭᠰᠠᠨ ᠭᠠᠵᠠᠷ ᠲᠠᠭᠠᠨ ᠪᠤᠴᠠᠭᠠᠵᠤ ᠥᠭᠬᠦ ᠪᠤᠰᠤᠳ ᠨᠥᠬᠦᠪᠥᠷᠢ ᠶᠢ | ᠳᠠᠭᠠᠭᠠᠴᠢᠯᠠᠭᠰᠠᠨ ᠲᠠᠯ᠎ᠠ ᠪᠠ ᠳᠠᠭᠠᠭᠠᠴᠢᠯᠠᠭᠰᠠᠨ ᠲᠠᠯ᠎ᠠ ᠠᠴᠠ ᠵᠥᠪᠳᠡᠯᠴᠡᠨ ᠲᠣᠭᠲᠠᠭᠠᠬᠤ ᠬᠡᠷᠡᠭᠲᠡᠶ᠃ ︵ | ᠦᠷᠬᠦᠯᠵᠢᠯᠡᠯ ᠪᠤᠢ︶ |