ᠨᠢᠭᠡ᠂ ᠭᠠᠯ ᠰᠡᠷᠭᠡᠶᠢᠯᠡᠬᠦ ᠠᠶᠤᠯᠭᠦᠢ ᠶᠢᠨ ︽ᠳᠦᠷᠪᠡᠨ ᠴᠢᠳᠠᠪᠤᠷᠢ︾ | ᠭᠠᠯ ᠢ ᠰᠡᠷᠭᠡᠶᠢᠯᠡᠬᠦ ᠠᠮᠤᠷ ᠲᠦᠪᠰᠢᠨ ᠤ ︽ᠲᠦᠷᠪᠡᠨ ᠴᠢᠳᠠᠪᠤᠷᠢ︾ ᠭᠡᠳᠡᠭ ᠨᠢ ᠶᠠᠭᠤ ᠪᠤᠢ︖ | 1. ᠭᠠᠯ ᠤᠨ ᠭᠠᠮᠰᠢᠭ ᠤᠨ ᠲᠠᠯᠲᠠ ᠭᠡᠮ ᠢ ᠪᠠᠶᠢᠴᠠᠭᠠᠨ ᠠᠷᠢᠯᠭᠠᠬᠤ ᠴᠢᠲᠠᠪᠤᠷᠢ | ᠭᠠᠯ ᠴᠠᠬᠢᠯᠭᠠᠨ ᠬᠡᠷᠡᠭᠯᠡᠬᠦ ᠶᠢ ᠪᠠᠢᠴᠠᠭᠠᠵᠤ ᠳᠦᠷᠢᠮ ᠢ ᠵᠥᠷᠢᠴᠡᠨ ᠠᠵᠢᠯᠯᠠᠬᠤ ᠶᠢ ᠴᠠᠭᠠᠵᠠᠯᠠᠨ᠎ᠠ᠃ | ᠵᠠᠮ ᠤᠨ ᠭᠠᠷᠭᠠᠯᠲᠠ ᠶᠢ ᠪᠠᠶᠢᠴᠠᠭᠠᠵᠤ᠂ ᠪᠢᠲᠡᠭᠦᠮᠵᠢᠯᠡᠬᠦ ᠶᠢ ᠴᠠᠭᠠᠵᠠᠯᠠᠨ᠎ᠠ᠃ | ᠲᠣᠨᠤᠭ ᠲᠥᠬᠦᠭᠡᠷᠦᠮᠵᠢ ᠶᠢ ᠪᠠᠶᠢᠴᠠᠭᠠᠵᠤ ᠰᠦᠢᠳᠬᠡᠨ ᠬᠡᠷᠡᠭᠯᠡᠬᠦ ᠶᠢ ᠬᠤᠷᠢᠭᠯᠠᠨ᠎ᠠ᠃ | ᠭᠤᠣᠯᠳᠠᠯᠭ᠎ᠠ ᠲᠠᠢ ᠬᠡᠰᠡᠭ ᠢ ᠪᠠᠶᠢᠴᠠᠭᠠᠵᠤ᠂ ᠡᠵᠡᠮᠳᠡᠯ ᠢᠶᠠᠨ ᠠᠯᠳᠠᠵᠤ ᠬᠤᠭᠤᠯᠠᠢ ᠭᠠᠷᠭᠠᠬᠤ ᠶᠢ ᠴᠠᠭᠠᠵᠠᠯᠠᠨ᠎ᠠ᠃ | | 2. ᠠᠩᠬᠠᠨ ᠤ ᠦᠶ᠎ᠡ ᠶᠢᠨ ᠭᠠᠯ ᠤᠨ ᠠᠶᠤᠯ ᠢ ᠤᠨᠲᠠᠷᠠᠭᠠᠬᠤ ᠴᠢᠳᠠᠪᠤᠷᠢ ᠶᠢ ᠵᠣᠬᠢᠶᠠᠨ ᠪᠠᠶᠢᠭᠤᠯᠬᠤ ᠬᠡᠷᠡᠭᠲᠡᠢ᠃ | | ᠭᠠᠯ ᠤᠨ ᠠᠶᠤᠯ ᠢ ᠮᠡᠳᠡᠭᠰᠡᠨ ᠤ ᠲᠠᠷᠠᠭ᠎ᠠ᠂ ᠭᠠᠯ ᠭᠠᠷᠤᠭᠰᠠᠨ ᠬᠡᠰᠡᠭ ᠤᠨ ᠠᠵᠢᠯᠳᠠᠨ 1 ᠮᠢᠨᠦ᠋ᠲ ᠤᠨ | ᠳᠣᠲᠣᠷ᠎ᠠ ᠨᠢᠭᠡᠳᠦᠭᠡᠷ ᠭᠠᠯ ᠤᠨᠲᠠᠷᠠᠭᠠᠬᠤ ᠬᠦᠴᠦᠨ ᠪᠣᠯᠤᠨ ᠪᠦᠷᠢᠯᠳᠦᠪᠡ᠃ | ᠭᠠᠯ ᠤᠨ ᠠᠶᠤᠯ ᠢ ᠨᠤᠲᠠᠯᠠᠭᠰᠠᠨ ᠤ ᠳᠠᠷᠠᠭ᠎ᠠ᠂ ᠨᠢᠭᠡᠴᠡ 3 ᠮᠢᠨᠦ᠋ᠲ ᠤᠨ ᠳᠣᠲᠣᠷ᠎ᠠ ᠬᠤᠶᠠᠳᠤᠭᠠᠷ ᠭᠠᠯ | ᠤᠨᠲᠠᠷᠠᠭᠠᠬᠤ ᠬᠦᠴᠦᠨ ᠢ ᠪᠦᠷᠢᠯᠳᠦᠭᠦᠯᠬᠦ ᠬᠡᠷᠡᠭᠲᠡᠢ᠃ | 3. ᠬᠦᠮᠦᠰ ᠢ ᠵᠣᠬᠢᠶᠠᠨ ᠪᠠᠶᠢᠭᠤᠯᠤᠨ ᠠᠮᠢ ᠵᠢᠭᠤᠲᠠᠬᠤ ᠴᠢᠳᠠᠪᠤᠷᠢ | ᠲᠠᠷᠬᠠᠭᠠᠬᠤ ᠵᠠᠮ ᠢ ᠰᠠᠶᠢᠨ ᠮᠡᠳᠡᠬᠦ | ᠠᠶᠤᠯᠭᠦᠢ ᠭᠠᠷᠬᠤ ᠡᠭᠦᠳᠡ ᠶᠢ ᠰᠠᠶᠢᠨ ᠮᠡᠳᠡᠬᠦ | ᠤᠷᠢᠳᠴᠢᠯᠠᠭᠰᠠᠨ ᠲᠥᠰᠦᠯ ᠤᠨ ᠶᠠᠪᠤᠴᠠ ᠶᠢ ᠡᠵᠡᠮᠰᠢᠬᠦ | ᠠᠮᠢ ᠵᠢᠭᠤᠲᠠᠬᠤ ᠮᠡᠷᠭᠡᠵᠢᠯ ᠢᠶᠠᠨ ᠡᠵᠡᠮᠰᠢᠬᠦ | 4. ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠤᠨ ᠴᠢᠳᠠᠪᠤᠷᠢ | ᠭᠠᠯ ᠤᠨᠲᠠᠷᠠᠭᠠᠬᠤ ᠤᠬᠠᠭᠤᠯᠤᠭᠴᠢ ᠪᠠᠶᠢᠬᠤ ᠬᠡᠷᠡᠭᠲᠡᠢ᠃ | ᠭᠠᠯ ᠤᠨᠲᠠᠷᠠᠭᠠᠬᠤ ᠤᠬᠠᠭᠤᠯᠭ᠎ᠠ ᠶᠢᠨ ᠲᠡᠮᠳᠡᠭ ᠲᠠᠢ ᠪᠠᠶᠢᠬᠤ ᠬᠡᠷᠡᠭᠲᠡᠢ | ᠪᠦᠬᠦ ᠠᠵᠢᠯᠲᠡᠨ ᠢ ᠪᠤᠯᠪᠠᠰᠤᠷᠠᠭᠤᠯᠬᠤ ᠲᠤᠭᠲᠠᠴᠠ ᠪᠠᠶᠢᠬᠤ ᠬᠡᠷᠡᠭᠲᠡᠢ | ᠭᠠᠯ ᠤᠨᠲᠠᠷᠠᠭᠠᠬᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠡᠵᠡᠮᠰᠢᠬᠦ ᠬᠡᠷᠡᠭᠳᠡᠢ᠃ | ᠬᠤᠶᠠᠷ᠂ ᠭᠠᠯ ᠰᠡᠷᠭᠡᠶᠢᠯᠡᠬᠦ ᠠᠶᠤᠯᠭᠦᠢ ᠶᠢᠨ ᠠᠩᠬᠠᠷᠬᠤ ᠵᠦᠢᠯ | ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠠᠵᠢᠯ ᠢ ᠥᠷᠨᠢᠭᠦᠯᠬᠦ ᠳᠤ ᠵᠥᠪᠬᠡᠨ ᠡᠯ᠎ᠡ ᠱᠠᠲᠤᠨ ᠤ ᠰᠠᠯᠠᠭ᠎ᠠ | ᠮᠥᠴᠢᠷ᠂ ᠡᠯ᠎ᠡ ᠬᠡᠰᠡᠭ ᠨᠢ ᠨᠢᠭᠲᠠ ᠬᠠᠮᠵᠢᠯᠴᠠᠨ᠂ ᠭᠠᠯ ᠤᠨᠲᠠᠷᠠᠭᠠᠬᠤ ᠪᠡᠯᠡᠳᠬᠡᠮᠵᠢ ᠶᠢᠨ ᠬᠡᠪ ᠤᠨ ᠠᠵᠢᠯᠯᠠᠭᠠᠨ ᠢ | ᠴᠢᠩᠭ᠎ᠠ ᠦᠨᠡᠨᠬᠦ ᠪᠠᠲᠤᠯᠠᠬᠤ ᠬᠡᠷᠡᠭᠲᠡᠶ ᠣᠷᠬᠢᠭᠳᠠᠭᠰᠠᠨ ᠢ ᠪᠠᠶᠢᠴᠠᠭᠠᠵᠤ ᠳᠤᠲᠠᠭᠤ ᠶᠢ ᠨᠢ ᠨᠥᠬᠦᠪᠥᠷᠢᠯᠡᠵᠦ᠂ | ᠬᠦᠷᠦᠯᠴᠡᠬᠦ ᠦᠭᠡᠶ ᠲᠠᠯ᠎ᠠ ᠶᠢ ᠨᠢ ᠴᠠᠭ ᠲᠤᠬᠠᠶ ᠳᠤᠨᠢ ᠴᠢᠩᠭᠠᠳᠬᠠᠨ ᠲᠡᠭᠦᠯᠳᠡᠷᠵᠢᠭᠦᠯᠵᠦ᠂ ᠲᠣᠭᠲᠠᠮᠠᠯ | ᠬᠤᠭᠤᠴᠠᠭ᠎ᠠ ᠲᠠᠢ ᠪᠠᠷ ᠠᠵᠢᠯᠲᠠᠨ ᠤ ᠬᠡᠪ ᠴᠢᠨᠠᠷ ᠤᠨ ᠬᠢᠨᠠᠨ ᠰᠢᠯᠭᠠᠯᠲᠠ ᠵᠢᠴᠢ ᠪᠣᠯᠪᠠᠰᠤᠷᠠᠭᠤᠯᠤᠯ ᠬᠢᠪᠡᠯ ᠰᠠᠶ᠋ᠢ | ᠪᠦᠲᠦᠮᠵᠢᠲᠡᠶ ᠪᠠᠷ ᠤᠷᠢᠳᠴᠢᠯᠠᠨ ᠰᠡᠷᠭᠡᠶᠢᠯᠡᠬᠦ᠂ ᠥᠨᠳᠥᠷ ᠪᠦᠲᠦᠮᠵᠢᠲᠡᠶ ᠪᠠᠷ ᠪᠠᠴᠢᠮ ᠪᠠᠶᠢᠳᠠᠯ ᠢ ᠠᠷᠭᠠᠴᠠᠬᠤ᠂ | ᠭᠠᠮᠰᠢᠭ ᠠᠴᠠ ᠡᠮᠦᠨ᠎ᠡ ᠰᠤᠯᠠᠷᠠᠭᠤᠯᠤᠯ ᠦᠭᠡᠶ ᠲᠡᠮᠡᠴᠡᠬᠦ ᠵᠣᠷᠢᠯᠭ᠎ᠠ ᠳᠤ ᠦᠨᠡᠨᠬᠦ ᠬᠦᠷᠴᠦ ᠴᠢᠳᠠᠨ᠎ᠠ᠃ | ᠠᠵᠤ ᠠᠬᠤᠶᠢᠯᠠᠯ ᠤᠨ ᠭᠠᠯ ᠰᠡᠷᠭᠡᠶᠢᠯᠡᠬᠦ ᠠᠶᠤᠯᠭᠦᠢ ᠶᠢᠨ ᠠᠩᠬᠠᠷᠬᠤ ᠵᠦᠢᠯ | 1᠂ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠲᠤᠤᠱᠯᠠᠭᠤᠯᠵᠤ᠂ ᠭᠠᠯ | ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠭᠠᠯ | ᠤᠨᠲᠠᠷᠠᠭᠠᠬᠤ ᠬᠠᠤᠯᠢ ᠲᠣᠭᠲᠠᠭᠠᠯ ᠢ ᠵᠢᠷᠤᠮᠯᠠᠵᠤ᠂ ᠨᠢᠭᠡᠴᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ | ᠪᠠᠷᠢᠮᠵᠢᠶ᠎ᠠ ᠳᠤ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠶ᠃ | 2᠂ ᠭᠠᠯ ᠤᠨᠲᠠᠷᠠᠭᠠᠬᠤ ᠲᠥᠬᠦᠭᠡᠷᠦᠮᠵᠢ ᠳᠤ ᠰᠡᠯᠪᠢᠨ ᠬᠠᠮᠠᠭᠠᠯᠠᠬᠤ ᠪᠠᠶᠢᠴᠠᠭᠠᠯᠲᠠ ᠬᠢᠵᠦ᠂ ᠭᠠᠯ ᠤᠨᠲᠠᠷᠠᠭᠠᠬᠤ | ᠪᠡᠯᠡᠳᠬᠡᠮᠵᠢ ᠶᠢᠨ ᠪᠦᠷᠢᠨ ᠪᠦᠲᠦᠨ ᠪᠠᠶᠢᠬᠤ᠂ ᠭᠠᠯ ᠤᠨ ᠠᠶᠤᠯ ᠢ ᠠᠦ᠋ᠲ᠋ᠣ᠋ ᠲᠦᠭᠰᠢᠭᠦᠷᠢ ᠮᠡᠳᠡᠭᠦᠯᠬᠦ᠂ ᠠᠦ᠋ᠲ᠋ᠣ᠋ | ᠰᠦᠷᠴᠢᠯᠲᠡ ᠵᠡᠷᠭᠡ ᠭᠠᠯ ᠤᠨᠲᠠᠷᠠᠭᠠᠬᠤ ᠪᠡᠯᠡᠳᠬᠡᠮᠵᠢ ᠶᠢ ᠠᠦ᠋ᠲ᠋ᠣ᠋ ᠡᠬᠢᠯᠡᠭᠦᠯᠬᠦ ᠪᠠᠶᠢᠳᠠᠯ ᠳᠤ ᠪᠠᠶᠢᠯᠭᠠᠬᠤ ᠶᠢ ᠦᠨᠡᠨᠬᠦ | ᠪᠠᠲᠤᠯᠠᠵᠤ᠂ ᠭᠠᠯ ᠤᠨᠲᠠᠷᠠᠭᠠᠬᠤ ᠪᠡᠯᠡᠳᠬᠡᠮᠵᠢ ᠪᠠ ᠪᠠᠭᠠᠵᠢ ᠬᠡᠷᠡᠭᠰᠡᠯ ᠢ ᠪᠤᠯᠠᠵᠤ ᠳᠠᠷᠤᠬᠤ᠂ ᠬᠦᠷᠢᠶᠡᠯᠡᠨ ᠡᠵᠡᠯᠡᠬᠦ᠂ | ᠡᠪᠳᠡᠵᠦ ᠰᠦᠢᠳᠬᠡᠬᠦ᠂ ᠨᠡᠭᠦᠯᠭᠡᠨ ᠬᠡᠷᠡᠭᠯᠡᠬᠦ᠂ ᠬᠠᠯᠬᠠᠯᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ | 3. ᠭᠠᠯ ᠤᠨᠲᠠᠷᠠᠭᠠᠬᠤ ᠨᠡᠪᠲᠡᠷᠡᠬᠦ ᠵᠠᠮ᠂ ᠠᠮᠤᠷ ᠲᠦᠪᠰᠢᠨ ᠭᠠᠷᠬᠤ ᠡᠭᠦᠳᠡᠨ ᠳᠤ ᠡᠳ᠋ ᠪᠣᠳᠠᠰ ᠣᠪᠣᠭᠠᠯᠠᠵᠤ | ᠪᠣᠯᠬᠤ ᠦᠭᠡᠶ᠂ ᠨᠡᠪᠲᠡᠷᠡᠬᠦ ᠵᠠᠮ ᠤᠨ ᠰᠠᠭᠠᠳ ᠦᠭᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ᠃ | 4. ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠣᠯᠪᠠᠰᠤᠷᠠᠭᠤᠯᠤᠯ ᠰᠣᠷᠢᠯᠲᠠ ᠪᠣᠯᠤᠨ ᠴᠠᠬᠢᠯᠭᠠᠨ ᠬᠡᠢ ᠶᠢᠨ | ᠠᠶᠤᠯ ᠦᠭᠡᠶ ᠶᠢᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠠᠵᠢᠯᠲᠠᠨ | ᠠᠵᠢᠯᠴᠢᠨ ᠳᠤ ᠪᠠᠴᠢᠮ ᠪᠠᠶᠢᠳᠠᠯ ᠢ ᠠᠷᠭᠠᠴᠠᠵᠤ ᠠᠮᠢ ᠵᠢᠭᠤᠲᠠᠬᠤ ᠱᠤᠭᠤᠮ ᠪᠣᠯᠤᠨ ᠭᠠᠯ ᠤᠨᠲᠠᠷᠠᠭᠠᠬᠤ | ᠲᠥᠬᠦᠭᠡᠷᠦᠮᠵᠢ ᠶᠢ ᠬᠡᠷᠡᠭᠯᠡᠬᠦ ᠠᠷᠭ᠎ᠠ ᠶᠢ ᠣᠶᠢᠯᠠᠭᠠᠭᠤᠯᠬᠤ ᠬᠡᠷᠡᠭᠲᠡᠶ᠃ ᠴᠠᠬᠢᠯᠭᠠᠨ ᠬᠡᠷᠡᠭᠯᠡᠬᠦ ᠲᠥᠬᠦᠭᠡᠷᠦᠮᠵᠢ ᠳᠤ | ᠴᠠᠬᠢᠯᠭᠠᠨ ᠭᠤᠭᠤᠵᠢᠬᠤ᠂ ᠣᠶᠢᠷ᠎ᠠ ᠵᠠᠮ ᠵᠡᠷᠭᠡ ᠠᠮᠤᠷ ᠲᠦᠪᠰᠢᠨ ᠤ ᠳᠠᠯᠳᠠ ᠭᠡᠮ ᠦᠭᠡᠶ ᠪᠠᠶᠢᠬᠤ ᠶᠢ ᠦᠨᠡᠨᠬᠦ | ᠪᠠᠲᠤᠯᠠᠬᠤ ᠬᠡᠷᠡᠭᠲᠡᠶ᠃ | ᠨᠣᠴᠣᠮᠠᠲᠠᠭᠠᠶ ᠡᠳ᠋ ᠪᠣᠳᠠᠰ ᠵᠡᠷᠭᠡ ᠶᠢ ᠵᠦᠢ ᠵᠣᠬᠢᠰᠲᠠᠶ ᠬᠠᠳᠠᠭᠠᠯᠠᠵᠤ᠂ ᠵᠢᠱᠢᠶᠡᠯᠡᠪᠡᠯ ᠴᠠᠭᠠᠰᠤ᠂ ᠬᠡᠪᠯᠡᠬᠦ ᠡᠳ᠋ | ᠵᠡᠷᠭᠡ ᠶᠢ ᠭᠠᠯ ᠤᠨ ᠡᠬᠢ ᠰᠤᠷᠪᠤᠯᠵᠢ ᠳᠤ ᠣᠶᠢᠷᠠᠲᠤᠭᠤᠯᠬᠤ ᠠᠴᠠ ᠵᠠᠶᠢᠯᠠᠰᠬᠢᠨ᠎ᠡ᠃ | ᠠᠯᠪᠠᠨ ᠭᠡᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠩᠬᠠᠷᠬᠤ ᠵᠦᠢᠯ | 1. ᠠᠯᠪᠠᠨ ᠭᠡᠷ ᠤᠨ ᠳᠣᠲᠣᠷᠠᠬᠢ ᠡᠯᠳᠡᠪ ᠪᠣᠳᠠᠰ᠂ ᠢᠯᠠᠩᠭᠤᠶ᠎ᠠ ᠨᠣᠴᠣᠮᠠᠲᠠᠭᠠᠶ ᠡᠳ᠋ ᠪᠣᠳᠠᠰ᠂ ᠵᠢᠱᠢᠶᠡᠯᠡᠪᠡᠯ | ᠴᠠᠭᠠᠰᠤ᠂ ᠪᠢᠴᠢᠭ ᠮᠠᠲ᠋ᠧᠷᠢᠶᠠᠯ᠂ ᠴᠠᠭᠠᠰᠤᠨ ᠬᠠᠶᠢᠷᠴᠠᠭ ᠵᠡᠷᠭᠡ ᠶᠢ ᠴᠡᠪᠡᠷᠯᠡᠵᠦ᠂ ᠨᠡᠪᠲᠡᠷᠡᠬᠦ ᠵᠠᠮ ᠤᠨ ᠰᠠᠭᠠᠳ | ᠦᠭᠡᠢ ᠨᠡᠪᠲᠡᠷᠡᠬᠦ ᠶᠢ ᠦᠨᠡᠨᠬᠦ ᠪᠠᠲᠤᠯᠠᠵᠤ᠂ ᠠᠮᠠᠷᠬᠠᠨ ᠨᠣᠴᠣᠬᠤ ᠡᠳ᠋ ᠪᠣᠳᠠᠰ ᠣᠪᠣᠭᠠᠯᠠᠵᠤ ᠭᠠᠯ ᠤᠨ ᠠᠶᠤᠯ | ᠭᠠᠷᠬᠤ ᠠᠴᠠ ᠵᠠᠶᠢᠯᠠᠰᠬᠢᠨ᠎ᠡ᠃ | 2. ᠠᠯᠪᠠᠨ ᠭᠡᠷ ᠠᠴᠠ ᠰᠠᠯᠬᠤ ᠠᠴᠠ ᠡᠮᠦᠨ᠎ᠡ ᠪᠤᠶ ᠪᠦᠬᠦᠢ ᠴᠠᠬᠢᠯᠭᠠᠨ ᠬᠡᠷᠡᠭᠰᠡᠯ ᠤᠨ ᠲᠥᠬᠦᠭᠡᠷᠦᠮᠵᠢ ᠶᠢ | ᠬᠠᠭᠠᠵᠤ᠂ ᠺᠣᠮᠫᠢᠦ᠋ᠲ᠋ᠧᠷ᠂ ᠳᠠᠷᠤᠮᠠᠯᠯᠠᠬᠤ ᠮᠠᠰᠢᠨ᠂ ᠠᠭᠠᠷ ᠲᠣᠬᠢᠷᠠᠭᠤᠯᠤᠭᠴᠢ᠂ ᠴᠠᠬᠢᠯᠭᠠᠨ ᠳᠤᠯᠠᠭᠠᠮᠵᠢ᠂ ᠤᠰᠤ | ᠤᠤᠭᠤᠬᠤ ᠮᠠᠰᠢᠨ ᠵᠡᠷᠭᠡ ᠶᠢ ᠪᠠᠭᠲᠠᠭᠠᠭᠰᠠᠨ ᠺᠣᠮᠫᠢᠦ᠋ᠲ᠋ᠧᠷ᠂ ᠬᠡᠲᠦ ᠬᠠᠯᠠᠭᠤᠷᠠᠵᠤ ᠭᠠᠯ ᠤᠨ ᠠᠶᠤᠯ ᠭᠠᠷᠬᠤ ᠠᠴᠠ | ᠵᠠᠶᠢᠯᠠᠰᠬᠢᠬᠦ ᠬᠡᠷᠡᠭᠲᠡᠶ᠃ | 3. ᠠᠯᠪᠠᠯᠠᠬᠤ ᠥᠷᠥᠭᠡᠨ ᠤ ᠭᠠᠯ ᠤᠨᠲᠠᠷᠠᠭᠠᠬᠤ ᠲᠥᠬᠦᠭᠡᠷᠦᠮᠵᠢ᠂ ᠵᠢᠱᠢᠶᠡᠯᠡᠪᠡᠯ ᠭᠠᠯ ᠤᠨᠲᠠᠷᠠᠭᠠᠭᠤᠷ᠂ ᠭᠠᠯ | ᠤᠨᠲᠠᠷᠠᠭᠠᠭᠤᠯ ᠢ ᠪᠠᠶᠢᠴᠠᠭᠠᠵᠤ᠂ ᠲᠡᠳᠡᠨ ᠤ ᠬᠡᠪ ᠤᠨ ᠪᠠᠶᠢᠳᠠᠯ ᠳᠤ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | 4. ᠠᠯᠪᠠᠨ ᠬᠡᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠬᠤ ᠳᠤ᠂ ᠠᠮᠢ | ᠵᠢᠭᠤᠲᠠᠬᠤ ᠱᠤᠭᠤᠮ᠂ ᠪᠠᠴᠢᠮ ᠬᠠᠷᠢᠯᠴᠠᠬᠤ ᠠᠷᠭ᠎ᠠ ᠮᠠᠶ᠋ᠢᠭ ᠵᠡᠷᠭᠡ ᠶᠢ ᠪᠠᠭᠲᠠᠭᠠᠵᠤ᠂ ᠴᠠᠭ ᠪᠤᠰᠤ ᠬᠡᠷᠡᠭᠴᠡᠭᠡ ᠳᠤ | ᠪᠡᠯᠡᠳᠬᠡᠨ᠎ᠡ᠃ | | ᠭᠡᠷ ᠪᠦᠯᠢ ᠶᠢᠨ ᠭᠠᠯ ᠰᠡᠷᠭᠡᠶᠢᠯᠡᠬᠦ ᠠᠶᠤᠯᠭᠦᠢ ᠶᠢᠨ ᠠᠩᠬᠠᠷᠬᠤ ᠵᠦᠢᠯ | 1. ᠠᠮᠤᠷ ᠲᠦᠪᠰᠢᠨ ᠢᠶᠠᠷ ᠭᠠᠯ ᠬᠡᠷᠡᠭᠯᠡᠬᠦ ᠰᠠᠶᠢᠨ ᠳᠠᠳᠬᠠᠯ ᠢ ᠪᠣᠶ ᠪᠣᠯᠭᠠᠵᠤ᠂ ︽ᠭᠤᠷᠪᠠ ᠶᠢ ᠴᠡᠪᠡᠷᠯᠡᠬᠦ | ᠭᠤᠷᠪᠠᠨ ᠪᠣᠭᠤᠮᠲᠠ︾ ᠶᠢ ᠤᠬᠠᠮᠰᠠᠷ ᠠᠴᠠ ᠪᠠᠨ ᠨᠠᠶᠢᠳᠠᠪᠤᠷᠢᠵᠢᠭᠤᠯᠤᠨ᠎ᠠ᠂ ᠲᠤᠬᠠᠶᠢᠯᠠᠪᠠᠯ ᠨᠠᠷᠠᠪᠴᠢ ᠶᠢ ᠴᠠᠭ | ᠲᠤᠬᠠᠶ ᠳᠤᠨᠢ ᠴᠡᠪᠡᠷᠯᠡᠵᠦ᠂ ᠲᠣᠭᠤᠭᠠᠨ ᠬᠡᠷ ᠢ ᠴᠡᠪᠡᠷᠯᠡᠵᠦ᠂ ᠠᠰᠠᠷ ᠤᠨ ᠵᠠᠮ ᠢ ᠴᠡᠪᠡᠷᠯᠡᠵᠦ᠂ ᠬᠡᠷ ᠠᠴᠠ ᠪᠠᠨ | ᠰᠠᠯᠬᠤ ᠪᠤᠶᠤ ᠤᠨᠲᠠᠬᠤ ᠳᠤ ᠴᠠᠬᠢᠯᠭᠠᠨ ᠡᠭᠦᠰᠭᠡᠭᠴᠢ ᠶᠢ ᠬᠠᠭᠠᠬᠤ᠂ ᠬᠡᠢ ᠶᠢᠨ ᠢᠷᠡᠯᠲᠡ ᠶᠢ ᠬᠠᠭᠠᠬᠤ᠂ ᠭᠠᠯ ᠤᠨ | ᠢᠷᠡᠯᠲᠡ ᠶᠢ ᠬᠠᠭᠠᠨ᠎ᠠ᠃ | 2. ᠨᠠᠰᠤᠲᠠᠶᠢᠴᠤᠳ ᠪᠣᠯᠤᠨ ᠬᠡᠦᠬᠡᠳ ᠲᠤ ᠭᠠᠯ ᠤᠨᠲᠠᠷᠠᠭᠠᠬᠤ ᠰᠠᠨᠠᠭᠤᠯᠤᠮᠵᠢ ᠪᠣᠯᠤᠨ ᠰᠤᠷᠭᠠᠨ ᠬᠥᠮᠦᠵᠢᠯ ᠢ | ᠴᠢᠩᠭᠠᠳᠬᠠᠵᠤ᠂ ᠭᠠᠯ ᠤᠨᠲᠠᠷᠠᠭᠠᠬᠤ ᠮᠠᠰᠢᠨ ᠵᠡᠷᠭᠡ ᠶᠢ ᠬᠡᠦᠬᠡᠳ ᠲᠤ ᠲᠠᠯᠪᠢᠵᠤ ᠳᠡᠶᠢᠯᠬᠦ ᠦᠭᠡᠶ ᠭᠠᠵᠠᠷ ᠲᠤ | ᠲᠠᠯᠪᠢᠬᠤ ᠬᠡᠷᠡᠭᠲᠡᠶ᠃ | 3. ᠴᠠᠬᠢᠯᠭᠠᠨ ᠢᠯᠴᠢ ᠶᠢᠨ ᠪᠠᠭᠠᠵᠢ ᠬᠡᠷᠡᠭᠰᠡᠯ ᠳᠤ ᠬᠥᠮᠦᠨ ᠶᠠᠪᠤᠪᠠᠯ ᠭᠠᠯ ᠤᠨᠲᠠᠷᠠᠵᠤ᠂ ᠴᠠᠬᠢᠯᠭᠠᠨ ᠢ ᠬᠠᠭᠠᠵᠤ | ᠂ ᠳᠤᠯᠠᠭᠠᠯᠠᠬᠤ ᠪᠠᠭᠠᠵᠢ ᠳᠡᠭᠡᠷ᠎ᠡ ᠬᠤᠪᠴᠠᠰᠤ ᠬᠤᠨᠠᠷ ᠪᠦᠷᠬᠦᠵᠦ ᠪᠣᠯᠬᠤ ᠦᠭᠡᠢ᠃ | 4. ᠴᠠᠬᠢᠯᠭᠠᠨ ᠢᠯᠴᠢᠲᠦ ᠲᠠᠩᠰᠠ ᠶᠢ ᠣᠷᠳᠣ ᠬᠤᠭᠤᠴᠠᠭ᠎ᠠ ᠪᠠᠷ ᠴᠠᠬᠢᠯᠭᠠᠨ ᠨᠡᠪᠲᠡᠷᠡᠭᠦᠯᠬᠦ ᠳᠤ ᠲᠣᠬᠢᠷᠠᠮᠵᠢ | ᠦᠭᠡᠢ᠂ ᠳᠠᠬᠢᠨ ᠳᠠᠪᠲᠠᠨ ᠨᠤᠭᠤᠯᠵᠤ ᠪᠣᠯᠬᠤ ᠦᠭᠡᠢ᠂ ᠵᠤᠵᠠᠭᠠᠨ ᠬᠥᠨᠵᠢᠯᠡ ᠳᠡᠪᠢᠰᠭᠡᠷ ᠢ ᠬᠡᠲᠦ ᠵᠤᠵᠠᠭᠠᠨ | ᠪᠠᠶᠢᠯᠭᠠᠵᠤ ᠪᠣᠯᠬᠤ ᠦᠭᠡᠢ᠃ | 5. ᠴᠠᠬᠢᠯᠭᠠᠨ ᠬᠥᠳᠡᠯᠭᠡᠭᠦᠷᠲᠦ ᠲᠡᠷᠭᠡ ᠵᠡᠷᠭᠡ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢ ᠠᠮᠤᠷ ᠲᠦᠪᠰᠢᠨ ᠢᠶᠠᠷ | ᠬᠡᠷᠡᠭᠯᠡᠵᠦ᠂ ᠬᠢᠷᠢ ᠲᠡᠩᠴᠡᠭᠰᠡᠨ ᠦᠢᠯᠡᠳᠬᠦᠨ᠂ ᠬᠢᠷᠢ ᠲᠡᠩᠴᠡᠭᠰᠡᠨ ᠴᠠᠬᠢᠯᠭᠠᠨ ᠴᠡᠨᠡᠭᠯᠡᠬᠦ ᠶᠢ ᠰᠣᠩᠭᠤᠨ ᠬᠡᠷᠡᠭᠯᠡᠬᠦ | ᠦᠭᠡᠢ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠦᠭᠡᠢ᠂ ᠴᠠᠬᠢᠯᠭᠠᠨ ᠠᠯᠳᠠᠬᠤ ᠦᠭᠡᠢ᠂ ᠭᠡᠪᠡᠴᠦ ᠴᠡᠨᠡᠭᠯᠡᠬᠦ | ᠦᠭᠡᠢ᠂ ᠭᠡᠷ ᠳᠣᠲᠣᠷ᠎ᠠ ᠴᠠᠬᠢᠯᠭᠠᠨ ᠴᠡᠨᠡᠭᠯᠡᠬᠦ ᠦᠭᠡᠢ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ | | |