ᠭᠠᠯ ᠢ ᠰᠡᠷᠭᠡᠶᠢᠯᠡᠬᠦ ᠠᠮᠤᠷ ᠲᠦᠪᠰᠢᠨ ᠤ  ︽ᠳᠦᠷᠪᠡᠨ ᠴᠢᠳᠠᠪᠤᠷᠢ︾ ᠨᠢ ᠶᠠᠭᠤ ᠪᠤᠢ︖
ᠨᠡᠶᠢᠲᠡᠯᠡᠭᠰᠡᠨ ᠴᠠᠭ᠄
2024/7/18
ᠨᠢᠭᠡ᠂  ᠭᠠᠯ ᠰᠡᠷᠭᠡᠶᠢᠯᠡᠬᠦ ᠠᠶᠤᠯᠭᠦᠢ ᠶᠢᠨ ︽ᠳᠦᠷᠪᠡᠨ ᠴᠢᠳᠠᠪᠤᠷᠢ︾    ᠭᠠᠯ ᠢ ᠰᠡᠷᠭᠡᠶᠢᠯᠡᠬᠦ ᠠᠮᠤᠷ ᠲᠦᠪᠰᠢᠨ ᠤ ︽ᠲᠦᠷᠪᠡᠨ ᠴᠢᠳᠠᠪᠤᠷᠢ︾ ᠭᠡᠳᠡᠭ ᠨᠢ ᠶᠠᠭᠤ ᠪᠤᠢ︖    1. ᠭᠠᠯ ᠤᠨ ᠭᠠᠮᠰᠢᠭ ᠤᠨ ᠲᠠᠯᠲᠠ ᠭᠡᠮ ᠢ ᠪᠠᠶᠢᠴᠠᠭᠠᠨ ᠠᠷᠢᠯᠭᠠᠬᠤ ᠴᠢᠲᠠᠪᠤᠷᠢ    ᠭᠠᠯ ᠴᠠᠬᠢᠯᠭᠠᠨ ᠬᠡᠷᠡᠭᠯᠡᠬᠦ ᠶᠢ ᠪᠠᠢᠴᠠᠭᠠᠵᠤ ᠳᠦᠷᠢᠮ ᠢ ᠵᠥᠷᠢᠴᠡᠨ ᠠᠵᠢᠯᠯᠠᠬᠤ ᠶᠢ ᠴᠠᠭᠠᠵᠠᠯᠠᠨ᠎ᠠ᠃    ᠵᠠᠮ ᠤᠨ ᠭᠠᠷᠭᠠᠯᠲᠠ ᠶᠢ ᠪᠠᠶᠢᠴᠠᠭᠠᠵᠤ᠂ ᠪᠢᠲᠡᠭᠦᠮᠵᠢᠯᠡᠬᠦ ᠶᠢ ᠴᠠᠭᠠᠵᠠᠯᠠᠨ᠎ᠠ᠃    ᠲᠣᠨᠤᠭ ᠲᠥᠬᠦᠭᠡᠷᠦᠮᠵᠢ ᠶᠢ ᠪᠠᠶᠢᠴᠠᠭᠠᠵᠤ ᠰᠦᠢᠳᠬᠡᠨ ᠬᠡᠷᠡᠭᠯᠡᠬᠦ ᠶᠢ ᠬᠤᠷᠢᠭᠯᠠᠨ᠎ᠠ᠃    ᠭᠤᠣᠯᠳᠠᠯᠭ᠎ᠠ ᠲᠠᠢ ᠬᠡᠰᠡᠭ ᠢ ᠪᠠᠶᠢᠴᠠᠭᠠᠵᠤ᠂ ᠡᠵᠡᠮᠳᠡᠯ ᠢᠶᠠᠨ ᠠᠯᠳᠠᠵᠤ ᠬᠤᠭᠤᠯᠠᠢ ᠭᠠᠷᠭᠠᠬᠤ ᠶᠢ ᠴᠠᠭᠠᠵᠠᠯᠠᠨ᠎ᠠ᠃    2. ᠠᠩᠬᠠᠨ ᠤ ᠦᠶ᠎ᠡ ᠶᠢᠨ ᠭᠠᠯ ᠤᠨ ᠠᠶᠤᠯ ᠢ ᠤᠨᠲᠠᠷᠠᠭᠠᠬᠤ ᠴᠢᠳᠠᠪᠤᠷᠢ ᠶᠢ ᠵᠣᠬᠢᠶᠠᠨ ᠪᠠᠶᠢᠭᠤᠯᠬᠤ ᠬᠡᠷᠡᠭᠲᠡᠢ᠃    ᠭᠠᠯ ᠤᠨ ᠠᠶᠤᠯ ᠢ ᠮᠡᠳᠡᠭᠰᠡᠨ ᠤ ᠲᠠᠷᠠᠭ᠎ᠠ᠂ ᠭᠠᠯ ᠭᠠᠷᠤᠭᠰᠠᠨ ᠬᠡᠰᠡᠭ ᠤᠨ ᠠᠵᠢᠯᠳᠠᠨ 1 ᠮᠢᠨᠦ᠋ᠲ ᠤᠨ ᠳᠣᠲᠣᠷ᠎ᠠ ᠨᠢᠭᠡᠳᠦᠭᠡᠷ ᠭᠠᠯ ᠤᠨᠲᠠᠷᠠᠭᠠᠬᠤ ᠬᠦᠴᠦᠨ ᠪᠣᠯᠤᠨ ᠪᠦᠷᠢᠯᠳᠦᠪᠡ᠃    ᠭᠠᠯ ᠤᠨ ᠠᠶᠤᠯ ᠢ ᠨᠤᠲᠠᠯᠠᠭᠰᠠᠨ ᠤ ᠳᠠᠷᠠᠭ᠎ᠠ᠂ ᠨᠢᠭᠡᠴᠡ 3 ᠮᠢᠨᠦ᠋ᠲ ᠤᠨ ᠳᠣᠲᠣᠷ᠎ᠠ ᠬᠤᠶᠠᠳᠤᠭᠠᠷ ᠭᠠᠯ ᠤᠨᠲᠠᠷᠠᠭᠠᠬᠤ ᠬᠦᠴᠦᠨ ᠢ ᠪᠦᠷᠢᠯᠳᠦᠭᠦᠯᠬᠦ ᠬᠡᠷᠡᠭᠲᠡᠢ᠃    3. ᠬᠦᠮᠦᠰ ᠢ ᠵᠣᠬᠢᠶᠠᠨ ᠪᠠᠶᠢᠭᠤᠯᠤᠨ ᠠᠮᠢ ᠵᠢᠭᠤᠲᠠᠬᠤ ᠴᠢᠳᠠᠪᠤᠷᠢ    ᠲᠠᠷᠬᠠᠭᠠᠬᠤ ᠵᠠᠮ ᠢ ᠰᠠᠶᠢᠨ ᠮᠡᠳᠡᠬᠦ    ᠠᠶᠤᠯᠭᠦᠢ ᠭᠠᠷᠬᠤ ᠡᠭᠦᠳᠡ ᠶᠢ ᠰᠠᠶᠢᠨ ᠮᠡᠳᠡᠬᠦ    ᠤᠷᠢᠳᠴᠢᠯᠠᠭᠰᠠᠨ ᠲᠥᠰᠦᠯ ᠤᠨ ᠶᠠᠪᠤᠴᠠ ᠶᠢ  ᠡᠵᠡᠮᠰᠢᠬᠦ    ᠠᠮᠢ ᠵᠢᠭᠤᠲᠠᠬᠤ ᠮᠡᠷᠭᠡᠵᠢᠯ ᠢᠶᠠᠨ ᠡᠵᠡᠮᠰᠢᠬᠦ    4. ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠤᠨ ᠴᠢᠳᠠᠪᠤᠷᠢ    ᠭᠠᠯ ᠤᠨᠲᠠᠷᠠᠭᠠᠬᠤ ᠤᠬᠠᠭᠤᠯᠤᠭᠴᠢ ᠪᠠᠶᠢᠬᠤ ᠬᠡᠷᠡᠭᠲᠡᠢ᠃    ᠭᠠᠯ ᠤᠨᠲᠠᠷᠠᠭᠠᠬᠤ ᠤᠬᠠᠭᠤᠯᠭ᠎ᠠ ᠶᠢᠨ ᠲᠡᠮᠳᠡᠭ ᠲᠠᠢ ᠪᠠᠶᠢᠬᠤ ᠬᠡᠷᠡᠭᠲᠡᠢ    ᠪᠦᠬᠦ ᠠᠵᠢᠯᠲᠡᠨ ᠢ ᠪᠤᠯᠪᠠᠰᠤᠷᠠᠭᠤᠯᠬᠤ ᠲᠤᠭᠲᠠᠴᠠ ᠪᠠᠶᠢᠬᠤ ᠬᠡᠷᠡᠭᠲᠡᠢ    ᠭᠠᠯ ᠤᠨᠲᠠᠷᠠᠭᠠᠬᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠡᠵᠡᠮᠰᠢᠬᠦ ᠬᠡᠷᠡᠭᠳᠡᠢ᠃ᠬᠤᠶᠠᠷ᠂ ᠭᠠᠯ ᠰᠡᠷᠭᠡᠶᠢᠯᠡᠬᠦ ᠠᠶᠤᠯᠭᠦᠢ ᠶᠢᠨ ᠠᠩᠬᠠᠷᠬᠤ ᠵᠦᠢᠯ    ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠠᠵᠢᠯ ᠢ ᠥᠷᠨᠢᠭᠦᠯᠬᠦ ᠳᠤ ᠵᠥᠪᠬᠡᠨ ᠡᠯ᠎ᠡ ᠱᠠᠲᠤᠨ ᠤ ᠰᠠᠯᠠᠭ᠎ᠠ ᠮᠥᠴᠢᠷ᠂ ᠡᠯ᠎ᠡ ᠬᠡᠰᠡᠭ ᠨᠢ ᠨᠢᠭᠲᠠ ᠬᠠᠮᠵᠢᠯᠴᠠᠨ᠂ ᠭᠠᠯ ᠤᠨᠲᠠᠷᠠᠭᠠᠬᠤ ᠪᠡᠯᠡᠳᠬᠡᠮᠵᠢ ᠶᠢᠨ ᠬᠡᠪ ᠤᠨ ᠠᠵᠢᠯᠯᠠᠭᠠᠨ ᠢ ᠴᠢᠩᠭ᠎ᠠ ᠦᠨᠡᠨᠬᠦ ᠪᠠᠲᠤᠯᠠᠬᠤ ᠬᠡᠷᠡᠭᠲᠡᠶ ᠣᠷᠬᠢᠭᠳᠠᠭᠰᠠᠨ ᠢ ᠪᠠᠶᠢᠴᠠᠭᠠᠵᠤ ᠳᠤᠲᠠᠭᠤ ᠶᠢ ᠨᠢ ᠨᠥᠬᠦᠪᠥᠷᠢᠯᠡᠵᠦ᠂ ᠬᠦᠷᠦᠯᠴᠡᠬᠦ ᠦᠭᠡᠶ ᠲᠠᠯ᠎ᠠ ᠶᠢ ᠨᠢ ᠴᠠᠭ ᠲᠤᠬᠠᠶ ᠳᠤᠨᠢ ᠴᠢᠩᠭᠠᠳᠬᠠᠨ ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯᠲᠠᠨ ᠤ ᠬᠡᠪ ᠴᠢᠨᠠᠷ ᠤᠨ ᠬᠢᠨᠠᠨ ᠰᠢᠯᠭᠠᠯᠲᠠ ᠵᠢᠴᠢ ᠪᠣᠯᠪᠠᠰᠤᠷᠠᠭᠤᠯᠤᠯ ᠬᠢᠪᠡᠯ ᠰᠠᠶ᠋ᠢ ᠪᠦᠲᠦᠮᠵᠢᠲᠡᠶ ᠪᠠᠷ ᠤᠷᠢᠳᠴᠢᠯᠠᠨ ᠰᠡᠷᠭᠡᠶᠢᠯᠡᠬᠦ᠂ ᠥᠨᠳᠥᠷ ᠪᠦᠲᠦᠮᠵᠢᠲᠡᠶ ᠪᠠᠷ ᠪᠠᠴᠢᠮ ᠪᠠᠶᠢᠳᠠᠯ ᠢ ᠠᠷᠭᠠᠴᠠᠬᠤ᠂ ᠭᠠᠮᠰᠢᠭ ᠠᠴᠠ ᠡᠮᠦᠨ᠎ᠡ ᠰᠤᠯᠠᠷᠠᠭᠤᠯᠤᠯ ᠦᠭᠡᠶ ᠲᠡᠮᠡᠴᠡᠬᠦ ᠵᠣᠷᠢᠯᠭ᠎ᠠ ᠳᠤ ᠦᠨᠡᠨᠬᠦ ᠬᠦᠷᠴᠦ ᠴᠢᠳᠠᠨ᠎ᠠ᠃    ᠠᠵᠤ ᠠᠬᠤᠶᠢᠯᠠᠯ ᠤᠨ ᠭᠠᠯ ᠰᠡᠷᠭᠡᠶᠢᠯᠡᠬᠦ ᠠᠶᠤᠯᠭᠦᠢ ᠶᠢᠨ ᠠᠩᠬᠠᠷᠬᠤ ᠵᠦᠢᠯ    1᠂ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠲᠤᠤᠱᠯᠠᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠭᠠᠯ ᠤᠨᠲᠠᠷᠠᠭᠠᠬᠤ ᠬᠠᠤᠯᠢ ᠲᠣᠭᠲᠠᠭᠠᠯ ᠢ ᠵᠢᠷᠤᠮᠯᠠᠵᠤ᠂ ᠨᠢᠭᠡᠴᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠶ᠃    2᠂ ᠭᠠᠯ ᠤᠨᠲᠠᠷᠠᠭᠠᠬᠤ ᠲᠥᠬᠦᠭᠡᠷᠦᠮᠵᠢ ᠳᠤ ᠰᠡᠯᠪᠢᠨ ᠬᠠᠮᠠᠭᠠᠯᠠᠬᠤ ᠪᠠᠶᠢᠴᠠᠭᠠᠯᠲᠠ ᠬᠢᠵᠦ᠂ ᠭᠠᠯ ᠤᠨᠲᠠᠷᠠᠭᠠᠬᠤ ᠪᠡᠯᠡᠳᠬᠡᠮᠵᠢ ᠶᠢᠨ ᠪᠦᠷᠢᠨ ᠪᠦᠲᠦᠨ ᠪᠠᠶᠢᠬᠤ᠂ ᠭᠠᠯ ᠤᠨ ᠠᠶᠤᠯ ᠢ ᠠᠦ᠋ᠲ᠋ᠣ᠋ ᠲᠦᠭᠰᠢᠭᠦᠷᠢ ᠮᠡᠳᠡᠭᠦᠯᠬᠦ᠂ ᠠᠦ᠋ᠲ᠋ᠣ᠋ ᠰᠦᠷᠴᠢᠯᠲᠡ ᠵᠡᠷᠭᠡ ᠭᠠᠯ ᠤᠨᠲᠠᠷᠠᠭᠠᠬᠤ ᠪᠡᠯᠡᠳᠬᠡᠮᠵᠢ ᠶᠢ ᠠᠦ᠋ᠲ᠋ᠣ᠋ ᠡᠬᠢᠯᠡᠭᠦᠯᠬᠦ ᠪᠠᠶᠢᠳᠠᠯ ᠳᠤ ᠪᠠᠶᠢᠯᠭᠠᠬᠤ ᠶᠢ ᠦᠨᠡᠨᠬᠦ ᠪᠠᠲᠤᠯᠠᠵᠤ᠂ ᠭᠠᠯ ᠤᠨᠲᠠᠷᠠᠭᠠᠬᠤ ᠪᠡᠯᠡᠳᠬᠡᠮᠵᠢ ᠪᠠ ᠪᠠᠭᠠᠵᠢ ᠬᠡᠷᠡᠭᠰᠡᠯ ᠢ ᠪᠤᠯᠠᠵᠤ ᠳᠠᠷᠤᠬᠤ᠂ ᠬᠦᠷᠢᠶᠡᠯᠡᠨ ᠡᠵᠡᠯᠡᠬᠦ᠂ ᠡᠪᠳᠡᠵᠦ ᠰᠦᠢᠳᠬᠡᠬᠦ᠂ ᠨᠡᠭᠦᠯᠭᠡᠨ ᠬᠡᠷᠡᠭᠯᠡᠬᠦ᠂ ᠬᠠᠯᠬᠠᠯᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃      3. ᠭᠠᠯ ᠤᠨᠲᠠᠷᠠᠭᠠᠬᠤ ᠨᠡᠪᠲᠡᠷᠡᠬᠦ ᠵᠠᠮ᠂ ᠠᠮᠤᠷ ᠲᠦᠪᠰᠢᠨ ᠭᠠᠷᠬᠤ ᠡᠭᠦᠳᠡᠨ ᠳᠤ ᠡᠳ᠋ ᠪᠣᠳᠠᠰ ᠣᠪᠣᠭᠠᠯᠠᠵᠤ ᠪᠣᠯᠬᠤ ᠦᠭᠡᠶ᠂ ᠨᠡᠪᠲᠡᠷᠡᠬᠦ ᠵᠠᠮ ᠤᠨ ᠰᠠᠭᠠᠳ ᠦᠭᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ᠃    4. ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠣᠯᠪᠠᠰᠤᠷᠠᠭᠤᠯᠤᠯ ᠰᠣᠷᠢᠯᠲᠠ ᠪᠣᠯᠤᠨ ᠴᠠᠬᠢᠯᠭᠠᠨ ᠬᠡᠢ ᠶᠢᠨ ᠠᠶᠤᠯ ᠦᠭᠡᠶ ᠶᠢᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠠᠵᠢᠯᠲᠠᠨ ᠠᠵᠢᠯᠴᠢᠨ ᠳᠤ ᠪᠠᠴᠢᠮ ᠪᠠᠶᠢᠳᠠᠯ ᠢ ᠠᠷᠭᠠᠴᠠᠵᠤ ᠠᠮᠢ ᠵᠢᠭᠤᠲᠠᠬᠤ ᠱᠤᠭᠤᠮ ᠪᠣᠯᠤᠨ ᠭᠠᠯ ᠤᠨᠲᠠᠷᠠᠭᠠᠬᠤ ᠲᠥᠬᠦᠭᠡᠷᠦᠮᠵᠢ ᠶᠢ ᠬᠡᠷᠡᠭᠯᠡᠬᠦ ᠠᠷᠭ᠎ᠠ ᠶᠢ ᠣᠶᠢᠯᠠᠭᠠᠭᠤᠯᠬᠤ ᠬᠡᠷᠡᠭᠲᠡᠶ᠃ ᠴᠠᠬᠢᠯᠭᠠᠨ ᠬᠡᠷᠡᠭᠯᠡᠬᠦ ᠲᠥᠬᠦᠭᠡᠷᠦᠮᠵᠢ ᠳᠤ ᠴᠠᠬᠢᠯᠭᠠᠨ ᠭᠤᠭᠤᠵᠢᠬᠤ᠂ ᠣᠶᠢᠷ᠎ᠠ ᠵᠠᠮ ᠵᠡᠷᠭᠡ ᠠᠮᠤᠷ ᠲᠦᠪᠰᠢᠨ ᠤ ᠳᠠᠯᠳᠠ ᠭᠡᠮ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃    ᠨᠣᠴᠣᠮᠠᠲᠠᠭᠠᠶ ᠡᠳ᠋ ᠪᠣᠳᠠᠰ ᠵᠡᠷᠭᠡ ᠶᠢ ᠵᠦᠢ ᠵᠣᠬᠢᠰᠲᠠᠶ ᠬᠠᠳᠠᠭᠠᠯᠠᠵᠤ᠂ ᠵᠢᠱᠢᠶᠡᠯᠡᠪᠡᠯ ᠴᠠᠭᠠᠰᠤ᠂ ᠬᠡᠪᠯᠡᠬᠦ ᠡᠳ᠋ ᠵᠡᠷᠭᠡ ᠶᠢ ᠭᠠᠯ ᠤᠨ ᠡᠬᠢ ᠰᠤᠷᠪᠤᠯᠵᠢ ᠳᠤ ᠣᠶᠢᠷᠠᠲᠤᠭᠤᠯᠬᠤ ᠠᠴᠠ ᠵᠠᠶᠢᠯᠠᠰᠬᠢᠨ᠎ᠡ᠃    ᠠᠯᠪᠠᠨ ᠭᠡᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠩᠬᠠᠷᠬᠤ ᠵᠦᠢᠯ    1. ᠠᠯᠪᠠᠨ ᠭᠡᠷ ᠤᠨ ᠳᠣᠲᠣᠷᠠᠬᠢ ᠡᠯᠳᠡᠪ ᠪᠣᠳᠠᠰ᠂ ᠢᠯᠠᠩᠭᠤᠶ᠎ᠠ ᠨᠣᠴᠣᠮᠠᠲᠠᠭᠠᠶ ᠡᠳ᠋ ᠪᠣᠳᠠᠰ᠂ ᠵᠢᠱᠢᠶᠡᠯᠡᠪᠡᠯ ᠴᠠᠭᠠᠰᠤ᠂ ᠪᠢᠴᠢᠭ ᠮᠠᠲ᠋ᠧᠷᠢᠶᠠᠯ᠂ ᠴᠠᠭᠠᠰᠤᠨ ᠬᠠᠶᠢᠷᠴᠠᠭ ᠵᠡᠷᠭᠡ ᠶᠢ ᠴᠡᠪᠡᠷᠯᠡᠵᠦ᠂ ᠨᠡᠪᠲᠡᠷᠡᠬᠦ ᠵᠠᠮ ᠤᠨ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠵᠤ᠂ ᠠᠮᠠᠷᠬᠠᠨ ᠨᠣᠴᠣᠬᠤ ᠡᠳ᠋ ᠪᠣᠳᠠᠰ ᠣᠪᠣᠭᠠᠯᠠᠵᠤ ᠭᠠᠯ ᠤᠨ ᠠᠶᠤᠯ ᠭᠠᠷᠬᠤ ᠠᠴᠠ ᠵᠠᠶᠢᠯᠠᠰᠬᠢᠨ᠎ᠡ᠃    2. ᠠᠯᠪᠠᠨ ᠭᠡᠷ ᠠᠴᠠ ᠰᠠᠯᠬᠤ ᠠᠴᠠ ᠡᠮᠦᠨ᠎ᠡ ᠪᠤᠶ ᠪᠦᠬᠦᠢ ᠴᠠᠬᠢᠯᠭᠠᠨ ᠬᠡᠷᠡᠭᠰᠡᠯ ᠤᠨ ᠲᠥᠬᠦᠭᠡᠷᠦᠮᠵᠢ ᠶᠢ ᠬᠠᠭᠠᠵᠤ᠂ ᠺᠣᠮᠫᠢᠦ᠋ᠲ᠋ᠧᠷ᠂ ᠳᠠᠷᠤᠮᠠᠯᠯᠠᠬᠤ ᠮᠠᠰᠢᠨ᠂ ᠠᠭᠠᠷ ᠲᠣᠬᠢᠷᠠᠭᠤᠯᠤᠭᠴᠢ᠂ ᠴᠠᠬᠢᠯᠭᠠᠨ ᠳᠤᠯᠠᠭᠠᠮᠵᠢ᠂ ᠤᠰᠤ ᠤᠤᠭᠤᠬᠤ ᠮᠠᠰᠢᠨ ᠵᠡᠷᠭᠡ ᠶᠢ ᠪᠠᠭᠲᠠᠭᠠᠭᠰᠠᠨ ᠺᠣᠮᠫᠢᠦ᠋ᠲ᠋ᠧᠷ᠂ ᠬᠡᠲᠦ ᠬᠠᠯᠠᠭᠤᠷᠠᠵᠤ ᠭᠠᠯ ᠤᠨ ᠠᠶᠤᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃    3. ᠠᠯᠪᠠᠯᠠᠬᠤ ᠥᠷᠥᠭᠡᠨ ᠤ ᠭᠠᠯ ᠤᠨᠲᠠᠷᠠᠭᠠᠬᠤ ᠲᠥᠬᠦᠭᠡᠷᠦᠮᠵᠢ᠂ ᠵᠢᠱᠢᠶᠡᠯᠡᠪᠡᠯ ᠭᠠᠯ ᠤᠨᠲᠠᠷᠠᠭᠠᠭᠤᠷ᠂ ᠭᠠᠯ ᠤᠨᠲᠠᠷᠠᠭᠠᠭᠤᠯ ᠢ ᠪᠠᠶᠢᠴᠠᠭᠠᠵᠤ᠂ ᠲᠡᠳᠡᠨ ᠤ ᠬᠡᠪ ᠤᠨ ᠪᠠᠶᠢᠳᠠᠯ ᠳᠤ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃    4. ᠠᠯᠪᠠᠨ ᠬᠡᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠬᠤ ᠳᠤ᠂ ᠠᠮᠢ ᠵᠢᠭᠤᠲᠠᠬᠤ ᠱᠤᠭᠤᠮ᠂ ᠪᠠᠴᠢᠮ ᠬᠠᠷᠢᠯᠴᠠᠬᠤ ᠠᠷᠭ᠎ᠠ ᠮᠠᠶ᠋ᠢᠭ ᠵᠡᠷᠭᠡ ᠶᠢ ᠪᠠᠭᠲᠠᠭᠠᠵᠤ᠂ ᠴᠠᠭ ᠪᠤᠰᠤ ᠬᠡᠷᠡᠭᠴᠡᠭᠡ ᠳᠤ ᠪᠡᠯᠡᠳᠬᠡᠨ᠎ᠡ᠃      ᠭᠡᠷ ᠪᠦᠯᠢ ᠶᠢᠨ ᠭᠠᠯ ᠰᠡᠷᠭᠡᠶᠢᠯᠡᠬᠦ ᠠᠶᠤᠯᠭᠦᠢ ᠶᠢᠨ ᠠᠩᠬᠠᠷᠬᠤ ᠵᠦᠢᠯ    1. ᠠᠮᠤᠷ ᠲᠦᠪᠰᠢᠨ ᠢᠶᠠᠷ ᠭᠠᠯ ᠬᠡᠷᠡᠭᠯᠡᠬᠦ ᠰᠠᠶᠢᠨ ᠳᠠᠳᠬᠠᠯ ᠢ ᠪᠣᠶ ᠪᠣᠯᠭᠠᠵᠤ᠂ ︽ᠭᠤᠷᠪᠠ ᠶᠢ ᠴᠡᠪᠡᠷᠯᠡᠬᠦ ᠭᠤᠷᠪᠠᠨ ᠪᠣᠭᠤᠮᠲᠠ︾ ᠶᠢ ᠤᠬᠠᠮᠰᠠᠷ ᠠᠴᠠ ᠪᠠᠨ ᠨᠠᠶᠢᠳᠠᠪᠤᠷᠢᠵᠢᠭᠤᠯᠤᠨ᠎ᠠ᠂ ᠲᠤᠬᠠᠶᠢᠯᠠᠪᠠᠯ ᠨᠠᠷᠠᠪᠴᠢ ᠶᠢ ᠴᠠᠭ ᠲᠤᠬᠠᠶ ᠳᠤᠨᠢ ᠴᠡᠪᠡᠷᠯᠡᠵᠦ᠂ ᠲᠣᠭᠤᠭᠠᠨ ᠬᠡᠷ ᠢ ᠴᠡᠪᠡᠷᠯᠡᠵᠦ᠂ ᠠᠰᠠᠷ ᠤᠨ ᠵᠠᠮ ᠢ ᠴᠡᠪᠡᠷᠯᠡᠵᠦ᠂ ᠬᠡᠷ ᠠᠴᠠ ᠪᠠᠨ ᠰᠠᠯᠬᠤ ᠪᠤᠶᠤ ᠤᠨᠲᠠᠬᠤ ᠳᠤ ᠴᠠᠬᠢᠯᠭᠠᠨ ᠡᠭᠦᠰᠭᠡᠭᠴᠢ ᠶᠢ ᠬᠠᠭᠠᠬᠤ᠂ ᠬᠡᠢ ᠶᠢᠨ ᠢᠷᠡᠯᠲᠡ ᠶᠢ ᠬᠠᠭᠠᠬᠤ᠂ ᠭᠠᠯ ᠤᠨ ᠢᠷᠡᠯᠲᠡ ᠶᠢ ᠬᠠᠭᠠᠨ᠎ᠠ᠃    2. ᠨᠠᠰᠤᠲᠠᠶᠢᠴᠤᠳ ᠪᠣᠯᠤᠨ ᠬᠡᠦᠬᠡᠳ ᠲᠤ ᠭᠠᠯ ᠤᠨᠲᠠᠷᠠᠭᠠᠬᠤ ᠰᠠᠨᠠᠭᠤᠯᠤᠮᠵᠢ ᠪᠣᠯᠤᠨ ᠰᠤᠷᠭᠠᠨ ᠬᠥᠮᠦᠵᠢᠯ ᠢ ᠴᠢᠩᠭᠠᠳᠬᠠᠵᠤ᠂ ᠭᠠᠯ ᠤᠨᠲᠠᠷᠠᠭᠠᠬᠤ ᠮᠠᠰᠢᠨ ᠵᠡᠷᠭᠡ ᠶᠢ ᠬᠡᠦᠬᠡᠳ ᠲᠤ ᠲᠠᠯᠪᠢᠵᠤ ᠳᠡᠶᠢᠯᠬᠦ ᠦᠭᠡᠶ ᠭᠠᠵᠠᠷ ᠲᠤ ᠲᠠᠯᠪᠢᠬᠤ ᠬᠡᠷᠡᠭᠲᠡᠶ᠃    3. ᠴᠠᠬᠢᠯᠭᠠᠨ ᠢᠯᠴᠢ ᠶᠢᠨ ᠪᠠᠭᠠᠵᠢ ᠬᠡᠷᠡᠭᠰᠡᠯ ᠳᠤ ᠬᠥᠮᠦᠨ ᠶᠠᠪᠤᠪᠠᠯ ᠭᠠᠯ ᠤᠨᠲᠠᠷᠠᠵᠤ᠂ ᠴᠠᠬᠢᠯᠭᠠᠨ ᠢ ᠬᠠᠭᠠᠵᠤ ᠂ ᠳᠤᠯᠠᠭᠠᠯᠠᠬᠤ ᠪᠠᠭᠠᠵᠢ ᠳᠡᠭᠡᠷ᠎ᠡ ᠬᠤᠪᠴᠠᠰᠤ ᠬᠤᠨᠠᠷ ᠪᠦᠷᠬᠦᠵᠦ ᠪᠣᠯᠬᠤ ᠦᠭᠡᠢ᠃    4. ᠴᠠᠬᠢᠯᠭᠠᠨ ᠢᠯᠴᠢᠲᠦ ᠲᠠᠩᠰᠠ ᠶᠢ ᠣᠷᠳᠣ ᠬᠤᠭᠤᠴᠠᠭ᠎ᠠ ᠪᠠᠷ ᠴᠠᠬᠢᠯᠭᠠᠨ ᠨᠡᠪᠲᠡᠷᠡᠭᠦᠯᠬᠦ ᠳᠤ ᠲᠣᠬᠢᠷᠠᠮᠵᠢ ᠦᠭᠡᠢ᠂ ᠳᠠᠬᠢᠨ ᠳᠠᠪᠲᠠᠨ ᠨᠤᠭᠤᠯᠵᠤ ᠪᠣᠯᠬᠤ ᠦᠭᠡᠢ᠂ ᠵᠤᠵᠠᠭᠠᠨ ᠬᠥᠨᠵᠢᠯᠡ ᠳᠡᠪᠢᠰᠭᠡᠷ ᠢ ᠬᠡᠲᠦ ᠵᠤᠵᠠᠭᠠᠨ ᠪᠠᠶᠢᠯᠭᠠᠵᠤ ᠪᠣᠯᠬᠤ ᠦᠭᠡᠢ᠃    5. ᠴᠠᠬᠢᠯᠭᠠᠨ ᠬᠥᠳᠡᠯᠭᠡᠭᠦᠷᠲᠦ ᠲᠡᠷᠭᠡ ᠵᠡᠷᠭᠡ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢ ᠠᠮᠤᠷ ᠲᠦᠪᠰᠢᠨ ᠢᠶᠠᠷ ᠬᠡᠷᠡᠭᠯᠡᠵᠦ᠂ ᠬᠢᠷᠢ ᠲᠡᠩᠴᠡᠭᠰᠡᠨ ᠦᠢᠯᠡᠳᠬᠦᠨ᠂ ᠬᠢᠷᠢ ᠲᠡᠩᠴᠡᠭᠰᠡᠨ ᠴᠠᠬᠢᠯᠭᠠᠨ ᠴᠡᠨᠡᠭᠯᠡᠬᠦ ᠶᠢ ᠰᠣᠩᠭᠤᠨ ᠬᠡᠷᠡᠭᠯᠡᠬᠦ ᠦᠭᠡᠢ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠦᠭᠡᠢ᠂ ᠴᠠᠬᠢᠯᠭᠠᠨ ᠠᠯᠳᠠᠬᠤ ᠦᠭᠡᠢ᠂ ᠭᠡᠪᠡᠴᠦ ᠴᠡᠨᠡᠭᠯᠡᠬᠦ ᠦᠭᠡᠢ᠂ ᠭᠡᠷ ᠳᠣᠲᠣᠷ᠎ᠠ ᠴᠠᠬᠢᠯᠭᠠᠨ ᠴᠡᠨᠡᠭᠯᠡᠬᠦ ᠦᠭᠡᠢ᠃                                ᠨᠠᠶᠢᠷᠠᠭᠤᠯᠤᠭᠴᠢ᠄   ᠶᠠᠩ  ᠿᠦᠢ ᠵᠧᠨ                                ᠤᠷᠴᠢᠭᠤᠯᠤᠭᠴᠢ  ᠄   ᠼᠦᠢ ᠴᠢᠩ                                                                      
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2