ᠰᠢᠶᠠᠨ ᠤ ᠵᠠᠰᠠᠭ ᠤᠨ ᠣᠷᠳᠣᠨ ᠤ 2024 ᠣᠨ ᠤ 11 ᠰᠠᠷ᠎ᠠ ᠶᠢᠨ ᠪᠠᠶᠢᠩᠭᠤ ᠶᠢᠨ ᠬᠤᠷᠠᠯ ᠵᠢᠴᠢ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠪᠠᠶᠢᠳᠠᠯ ᠤᠨ ᠵᠠᠳᠠᠯᠤᠯᠲᠠ᠂ ᠰᠢᠶᠠᠨ ᠤ ᠢᠳᠡᠭᠡᠨ ᠪᠠ ᠡᠮ ‍ᠤᠨ‌ᠵᠤᠶᠢᠯ ᠤᠨ ᠠᠮᠤᠷ ᠲᠦᠪᠰᠢᠨ ᠤ ᠵᠥᠪᠯᠡᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/18
 7 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠰᠢᠶᠠᠨ ᠤ ᠵᠠᠰᠠᠭ ᠤᠨ ᠣᠷᠳᠣᠨ ᠤ 2024 ᠣᠨ ᠤ 11 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ᠂ ᠰᠢᠶᠠᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ᠦᠨᠡᠨ︾  ᠰᠡᠳᠭᠦᠯ ᠤᠨ 2024 ᠣᠨ ᠤ 14 ᠳ᠋ᠤᠭᠡᠷ ᠬᠤᠭᠤᠴᠠᠭᠠᠨ ᠤ 14 ᠳ᠋ᠦᠭᠡᠷ ᠬᠤᠭᠤᠴᠠᠭᠠᠨ ᠳᠤ ᠨᠡᠶᠢᠲᠡᠯᠡᠭᠰᠡᠨ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠪᠦᠬᠦ ᠰᠢᠶᠠᠨ ᠤ 2024 ᠣᠨ ᠤ ᠳᠡᠭᠡᠷ᠎ᠡ ᠬᠠᠭᠠᠰ ᠵᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ᠂ ᠡᠳ᠋ ᠤᠨ ᠵᠠᠰᠠᠭ ᠤᠨ ᠣᠷᠣᠯᠭ᠎ᠠ᠂ ᠭᠠᠶᠢᠯᠢ ᠲᠠᠲᠠᠪᠤᠷᠢ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠵᠢᠴᠢ ᠭᠠᠷ ᠭᠦᠢᠴᠡᠳᠬᠡᠯ ᠢ ᠭᠦᠢᠴᠡᠳᠬᠡᠭᠰᠡᠨ ᠪᠠᠶᠢᠳᠠᠯ ᠪᠣᠯᠣᠨ ᠪᠦᠬᠦ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠮᠠᠨ ᠤ ᠰᠢᠶᠠᠨ ᠤ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ᠂ ᠳᠥᠷᠪᠡᠳᠦᠭᠡᠷ ᠤᠳᠠᠭ᠎ᠠ ᠶᠢᠨ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠪᠣᠯᠣᠨ ᠪᠦᠬᠦ ᠰᠢᠶᠠᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠪᠠ᠃    ᠬᠤᠷᠠᠯ ᠠᠴᠠ᠂ ᠠᠵᠤ ᠠᠬᠤᠢ ᠶᠢᠨ ᠠᠵᠢᠯᠯᠠᠭᠠᠨ ᠤ ᠵᠠᠳᠠᠯᠤᠯᠲᠠ ᠪᠣᠯᠤᠨ ᠲᠤᠬᠢᠷᠠᠭᠤᠯᠤᠯᠲᠠ ᠪᠠᠨ ᠴᠢᠩᠭᠠᠳᠬᠠᠵᠤ ᠂ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠲᠤᠭ᠎ᠠ ᠪᠠᠷᠢᠮᠲᠠ ᠶᠢ ᠣᠨᠣᠪᠴᠢᠲᠠᠢ ᠡᠮᠬᠢᠯᠡᠵᠦ᠂ ᠪᠦᠬᠦ ᠲᠠᠯ᠎ᠠ ᠶᠢ ᠨᠢᠭᠡᠳᠬᠡᠵᠦ᠂ ᠪᠣᠳᠠᠲᠠᠢ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠬᠦᠴᠦᠲᠡᠢ ᠦᠨᠳᠦᠰᠦᠯᠡᠯ ᠬᠠᠩᠭᠠᠬᠤ ᠬᠡᠷᠡᠭᠲᠡᠢ᠃ ︽ᠲᠦᠷᠦᠯ ᠵᠦᠢᠯ ᠢᠶᠠᠷ ᠭᠤᠣᠯ ᠪᠣᠯᠭᠠᠬᠤ︾ ᠶᠢ ᠦᠷᠭᠦᠯᠵᠢᠯᠡᠨ ᠪᠠᠷᠢᠮᠲᠠᠯᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠪᠡᠯᠡ ᠣᠷᠣᠭᠤᠯᠤᠯᠲᠠ ᠪᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢ ᠢᠳᠡᠪᠬᠢᠲᠡᠢ ᠲᠡᠮᠡᠴᠡᠨ ᠣᠯᠵᠤ᠂ ︽ᠬᠤᠶᠠᠷ ᠠᠯᠬᠤᠮ ᠢᠶᠠᠷ ᠶᠠᠪᠤᠬᠤ︾ ᠶᠢ ᠪᠡᠶᠡᠯᠡᠭᠦᠯᠬᠦ ᠬᠡᠷᠡᠭᠲᠡᠢ᠃ ᠠᠵᠤ ᠠᠬᠤᠶᠢᠯᠠᠯ ᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠶᠠᠪᠤᠴᠠ ᠳᠤ ᠲᠤᠯᠭᠠᠷᠠᠭᠰᠠᠨ ᠡᠯ᠎ᠡ ᠵᠦᠢᠯ ᠤᠨ ᠠᠰᠠᠭᠤᠳᠠᠯ ᠢ ᠰᠢᠢᠳᠪᠦᠷᠢᠯᠡᠵᠦ᠂ ᠦᠢᠯᠡᠴᠢᠯᠡᠭᠡᠨ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ᠃ ᠰᠢᠶᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠨᠡᠶᠢᠳᠡᠮ ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠲᠦᠭᠡᠮᠡᠯᠵᠢᠭᠦᠯᠵᠦ᠂ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃    ᠬᠤᠷᠠᠯ ᠠᠴᠠ᠂ ᠲᠠᠷᠢᠶᠠᠯᠠᠩ ᠤᠨ ᠪᠦᠲᠦᠭᠡᠭᠳᠡᠬᠦᠨ᠂ ᠢᠳᠡᠭᠡᠨ᠂ ᠡᠮ ᠤᠨ  ᠵᠤᠶᠢᠯ ᠵᠡᠷᠭᠡ ᠬᠦᠷᠢᠶ᠎ᠡ ᠴᠠᠷᠠᠭ᠎ᠠ ᠪᠣᠯᠤᠨ  ᠤᠶᠢᠯᠡᠳᠪᠤᠷᠢᠯᠡᠨ ᠡᠳ᠋ᠰᠢᠭᠦᠯᠬᠦ᠂ ᠲᠡᠭᠡᠭᠡᠪᠦᠷᠢ ᠶᠢᠨ  ᠭᠦᠢᠯᠭᠡᠭᠡ᠂ ᠲᠥᠪᠯᠡᠷᠡᠭᠦᠯᠦᠨ ᠬᠤᠭᠤᠯᠠᠯᠠᠬᠤ ᠵᠡᠷᠭᠡ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠳᠥᠷᠪᠡᠨ ᠬᠠᠮᠤᠭ ᠤᠨ ᠴᠢᠩᠭ᠎ᠠ︾ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠢᠳᠡᠭᠡᠨ ᠤ ᠠᠮᠤᠷ ᠲᠦᠪᠰᠢᠨ ᠤ ᠨᠥᠬᠦᠴᠡᠯ ᠳᠤ ᠨᠡᠶᠢᠴᠡᠬᠦ ᠥᠬᠡᠶ ᠠᠵᠤ ᠠᠬᠤᠶᠢᠯᠠᠯ ᠢ ᠴᠥᠮ ᠬᠠᠤᠯᠢ ᠶᠣᠰᠣᠭᠠᠷ ᠬᠠᠭᠠᠵᠤ ᠵᠣᠭᠰᠣᠭᠠᠨ ᠴᠡᠭᠴᠡᠯᠡᠨ ᠵᠠᠰᠠᠭᠰᠠᠨ᠂ ᠬᠢᠷᠢ ᠲᠡᠩᠴᠡᠬᠦ ᠥᠬᠡᠶ  ᠤᠶᠢᠯᠡᠳᠭᠦᠨ ᠢ ᠴᠥᠮ ᠪᠣᠷᠣᠯᠠᠭᠤᠯᠵᠤ ᠪᠣᠯᠬᠤ ᠥᠬᠡᠶ᠂ ᠬᠤᠤᠷᠲᠠᠶ ᠢᠳᠡᠭᠡᠨ ᠢ ᠪᠠᠶᠢᠴᠠᠭᠠᠨ ᠲᠣᠳᠣᠯᠠᠵᠤ ᠪᠣᠷᠣᠯᠠᠭᠤᠯᠬᠤ ᠬᠠᠤᠯᠢ ᠠᠴᠠ ᠵᠥᠷᠢᠴᠡᠭᠰᠡᠨ  ᠤᠶᠢᠯᠡ ᠠᠵᠢᠯᠯᠠᠭ᠎ᠠ ᠶᠢ ᠴᠥᠮ ᠴᠢᠩᠭ᠎ᠠ ᠰᠢᠳᠬᠡᠵᠦ᠂ ᠢᠳᠡᠭᠡᠨ ᠤ ᠠᠮᠤᠷ ᠲᠦᠪᠰᠢᠨ ᠤ ᠬᠡᠷᠡᠭ ᠭᠠᠷᠭᠠᠭᠰᠠᠨ ᠪᠠᠶᠢᠪᠠᠯ ᠴᠥᠮ ᠬᠠᠷᠢᠭᠤᠴᠠᠯᠭ᠎ᠠ ᠨᠡᠬᠡᠮᠵᠢᠯᠡᠵᠦ ᠭᠡᠳᠡᠷᠭᠦ ᠪᠠᠶᠢᠴᠠᠭᠠᠬᠤ ᠶᠢ ᠬᠡᠷᠡᠭᠵᠢᠭᠦᠯᠵᠦ᠂ ᠠᠷᠠᠳ ᠣᠯᠠᠨ ᠤ ᠢᠳᠡᠭᠡᠨ ᠤᠮᠳᠠᠭᠠᠨ ᠡᠮ ᠬᠡᠷᠡᠭᠯᠡᠬᠦ ᠠᠮᠤᠷ ᠲᠦᠪᠰᠢᠨ ᠢ ᠦᠨᠡᠨ ᠬᠦ ᠰᠠᠶᠢᠲᠤᠷ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                       ᠨᠠᠶᠢᠷᠠᠭᠤᠯᠤᠭᠴᠢ᠄   ᠶᠠᠩ  ᠿᠦᠢ ᠵᠧᠨ                                        ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2