ᠯᠢᠶᠠᠩᠴᠧᠩ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠵᠢᠩᠬᠢᠨᠢ ᠪᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/7/2
    6 ᠰᠠᠷ᠎ᠠ ᠶᠢᠨ 28 ᠤ ᠡᠳᠦᠷ᠂ ᠯᠢᠶᠠᠩᠴᠧᠩ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠵᠢᠩᠬᠢᠨᠢ ᠪᠠᠷ ᠪᠠᠶᠢᠭᠤᠯᠤᠭᠳᠠᠭᠰᠠᠨ ᠨᠢ ᠯᠢᠶᠠᠩᠴᠧᠩ ᠰᠢᠶᠠᠨ ᠤ ᠣᠯᠠᠨ ᠨᠡᠶᠢᠲᠡ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ ᠬᠦᠷᠢᠶᠡᠨ ᠳᠤ ᠪᠠᠲᠤ ᠪᠠᠬᠢ ᠨᠢᠭᠡ ᠠᠯᠬᠤᠮ ᠠᠯᠬᠤᠭᠰᠠᠨ ᠢ ᠬᠠᠷᠠᠭᠤᠯᠵᠤ᠂ ᠰᠢᠶᠠᠨ ᠤ ᠬᠡᠪᠴᠢᠶᠡᠨ ᠤ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ  ᠠᠷᠭᠠᠴᠠᠭᠠᠵᠦ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠪᠠ᠃ ᠰᠢᠶᠠᠨ ᠤ ᠤᠳᠤᠷᠢᠳᠤᠯᠭ᠎ᠠ  ᠤᠳᠤᠨ ᠶᠣᠰᠣᠯᠠᠯ ᠳᠡᠭᠡᠷ᠎ᠡ ᠶᠠᠷᠢᠶ᠎ᠠ ᠲᠠᠯᠪᠢᠵᠤ ᠫᠠᠶᠢᠰᠠ ᠰᠡᠬᠦᠪᠡ᠃      ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠰᠠᠭᠤᠭ᠎ᠠ ᠭᠠᠵᠠᠷ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠭᠰᠡᠨ ᠶᠠᠪᠤᠳᠠᠯ ᠪᠣᠯ ᠤᠯᠤᠰ ᠤᠨ ᠶᠡᠷᠦᠩᠬᠡᠶᠢᠯᠡᠭᠰᠡᠨ ᠴᠢᠨᠠᠷᠲᠠᠶ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠶᠢ ᠡᠮᠬᠢᠯᠡᠨ ᠨᠡᠶᠢᠯᠡᠭᠦᠯᠬᠦ ᠥᠭᠡᠷᠡᠴᠢᠯᠡᠯᠲᠡ ᠶᠢᠨ ᠠᠵᠢᠯ ᠤᠨ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠦᠴᠦᠲᠡᠶ ᠪᠠᠲᠤᠯᠠᠭ᠎ᠠ ᠮᠥᠨ᠃ ᠯᠢᠶᠠᠩᠴᠧᠩ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠨᠠᠮ ᠪᠣᠯᠤᠨ ᠠᠷᠠᠳ ᠲᠦᠮᠡᠨ ᠠᠴᠠ ᠣᠯᠭᠤᠭᠰᠠᠨ ᠰᠢᠨ᠎ᠡ ᠡᠭᠦᠷᠭᠡ᠂ ᠰᠢᠨ᠎ᠡ ᠡᠭᠦᠷᠭᠡ ᠶᠢ ᠦᠨᠡᠨᠬᠦ ᠡᠭᠦᠷᠭᠡᠯᠡᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠬᠢᠷᠢ ᠲᠦᠪᠰᠢᠨ ᠪᠣᠯᠤᠨ ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠭᠠᠯ ᠤᠨ ᠠᠶᠤᠯ ᠤᠨ ᠠᠳᠡᠯ ᠭᠠᠷᠬᠤ ᠶᠢ ᠰᠡᠷᠭᠡᠶᠢᠯᠡᠬᠦ ᠪᠠ ᠪᠠᠭᠠᠰᠬᠠᠵᠤ᠂ ᠪᠦᠬᠦ ᠰᠢᠶᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠢᠯᠡᠰ ᠤᠨ ᠦᠷᠭᠦᠯᠵᠢᠯᠡᠨ ᠤᠷᠤᠭᠰᠢ ᠬᠥᠭᠵᠢᠬᠦ ᠶᠢ ᠠᠬᠢᠭᠤᠯᠤᠨ᠎ᠠ᠃                                         ᠨᠠᠶᠢᠷᠠᠭᠤᠯᠤᠭᠴᠢ᠄   ᠴᠧᠨ ᠰᠢᠶᠤᠤ ᠵᠢᠤᠸᠠᠨ                                         ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2