S29 ᠬᠥᠬᠡᠬᠤᠲᠠ ᠠᠴᠠ ᠯᠢᠶᠠᠩᠴᠧᠩ ᠬᠦᠷᠬᠦ ᠲᠦᠷᠭᠡᠨ ᠬᠤᠷᠳᠤᠴᠠᠳᠤ ᠵᠠᠰᠠᠮᠠᠯ ᠵᠠᠮ ᠤᠨ ᠲᠥᠷᠥᠯ ᠵᠦᠢᠯ ᠢ ᠶᠠᠭ ᠱᠠᠯᠠᠪᠳᠠᠨ ᠵᠠᠰᠠᠵᠦ ᠪᠠᠶᠢᠨ᠎ᠠ
ᠨᠡᠶᠢᠲᠡᠯᠡᠭᠰᠡᠨ ᠴᠠᠭ᠄
2024/7/24
   ᠡᠨᠡ ᠵᠢᠯ ᠠᠵᠢᠯ ᠰᠡᠷᠭᠦᠭᠡᠭᠰᠡᠨ ᠠᠴᠠ ᠨᠠᠭᠠᠰᠢ᠂ S29 ᠬᠥᠬᠡᠬᠤᠲᠠ ᠠᠴᠠ ᠯᠢᠶᠠᠩᠴᠧᠩ ᠬᠥᠷᠬᠦ ᠳᠡᠭᠡᠳᠦ  ᠬᠤᠷᠳᠤᠴᠠᠳᠤ ᠵᠠᠰᠠᠮᠠᠯ ᠵᠠᠮ ᠤᠨ ᠲᠥᠷᠥᠯ  ᠵᠤᠶᠢᠯ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠢ ᠡᠯ᠎ᠡ ᠪᠠᠷᠢᠯᠭ᠎ᠠ ᠶᠢᠨ ᠵᠠᠩᠭᠢᠯᠠᠭ᠎ᠠ ᠶᠢᠨ ᠴᠡᠭ ᠲᠠᠢ ᠨᠢᠭᠲᠠ ᠤᠶᠠᠯᠳᠤᠭᠤᠯᠤᠨ᠂ ᠪᠠᠷᠢᠯᠭ᠎ᠠ ᠶᠢᠨ ᠬᠤᠭᠤᠴᠠᠭ᠎ᠠ ᠪᠠᠴᠢᠮ᠂ ᠡᠭᠦᠷᠭᠡ ᠬᠦᠨᠳᠦ᠂ ᠲᠥᠷᠥᠯ ᠵᠤᠶᠢᠯ ᠤᠨ ᠲᠦᠭᠵᠢᠷᠡᠯ ᠬᠦᠴᠢᠷ ᠣᠯᠠᠨ ᠵᠡᠷᠭᠡ ᠬᠦᠴᠢᠷᠳᠡᠯ ᠢ ᠢᠯᠡᠨ ᠳᠠᠪᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠶᠠᠰᠤ ᠴᠢᠨᠠᠷ ᠢ ᠴᠢᠩᠭ᠎ᠠ ᠠᠳᠬᠤᠵᠤ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠵᠦ᠂ ᠬᠦᠴᠦᠲᠡᠶ ᠠᠬᠢᠭᠤᠯᠪᠠ᠃ ᠣᠳᠣᠬᠠᠨ ᠳᠤ᠂ ᠲᠣᠰ ᠪᠠᠷᠢᠯᠭ᠎ᠠ ᠨᠢᠭᠡᠨᠲᠡ ᠵᠠᠮ ᠤᠨ ᠭᠠᠳᠠᠷᠭᠤ ᠶᠢᠨ ᠪᠠᠷᠤᠭᠰᠢᠨ ᠪᠧᠲ᠋ᠣᠨ ᠤ ᠳᠤᠮᠳᠠ ᠳᠠᠪᠬᠤᠷᠭ᠎ᠠ ᠶᠢᠨ ᠳᠡᠯᠭᠡᠵᠦ ᠳᠡᠪᠢᠰᠬᠦ ᠠᠵᠢᠯ ᠳᠤ ᠣᠷᠣᠪᠠ᠃
      ᠤᠶᠢᠷ᠎ᠠ ᠶᠢᠨ ᠡᠳᠦᠷ᠂ S29 ᠬᠥᠬᠡᠬᠤᠲᠠ ᠠᠴᠠ ᠯᠢᠶᠠᠩᠴᠧᠩ  ᠬᠦᠷᠬᠦ ᠲᠦᠷᠭᠡᠨ ᠬᠤᠷᠳᠤᠴᠠᠳᠤ  ᠵᠠᠰᠠᠮᠠᠯ ᠵᠠᠮ ᠤᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠨᠢᠭᠡ ᠪᠦᠯᠦᠭ  ᠨᠢᠵᠢᠭᠡᠬᠦ ᠳᠠᠭᠤᠨ ᠢ ᠳᠠᠭᠠᠯᠳᠤᠨ᠂ ᠲᠦᠭᠦᠬᠡᠢ ᠮᠠᠲ᠋ᠧᠷᠢᠶᠠᠯ ᠤᠨ ᠠᠮᠠᠰᠠᠷ ᠢᠶᠠᠷ ᠬᠠᠭᠠᠰ ᠵᠠᠮ ᠤᠨ ᠭᠠᠳᠠᠷᠭᠤ ᠳᠡᠭᠡᠷ᠎ᠡ ᠳᠡᠪᠢᠰᠴᠦ᠂ ᠬᠡᠳᠦᠨ ᠵᠠᠮ ᠳᠠᠷᠤᠬᠤ  ᠮᠠᠰᠢᠨ ᠳᠠᠷᠠᠭᠠᠯᠠᠨ ᠮᠥᠷᠯᠡᠵᠦ᠂ ᠪᠣᠯᠣᠳ ᠬᠦᠷᠳᠦ ᠨᠢ ᠪᠤᠴᠠᠯᠤᠮ᠎ᠠ ᠬᠠᠯᠠᠭᠤᠨ ᠳᠡᠭᠡᠷ᠎ᠡ ᠬᠥᠨᠳᠡᠯᠡᠨ ᠭᠤᠯᠳᠤ ᠰᠦᠯᠵᠢᠯ ᠳᠦᠵᠦ᠂ ᠬᠠᠷ᠎ᠠ ᠵᠠᠮ ᠢ ᠠᠭᠠᠵᠢᠮ ᠢᠶᠠᠷ ᠳᠡᠪᠢᠰᠴᠦ  ᠪᠠᠶᠢᠨ᠎ᠠ᠃ ︽ᠣᠳᠣᠬᠠᠨ ᠳᠤ ᠶᠠᠭ ᠯᠢᠴᠢᠩ ᠪᠧᠲ᠋ᠤᠨ ᠤ ᠳᠤᠮᠳᠠ ᠳᠠᠪᠬᠤᠷᠭ᠎ᠠ ᠶᠢ ᠪᠠᠷᠢᠵᠤ ᠪᠠᠶᠢᠨ᠎ᠠ᠂ ᠵᠢᠱᠢᠯᠲᠡ ᠪᠠᠷ ᠨᠢᠭᠡ ᠭᠠᠷᠠᠭ ᠣᠷᠴᠢᠮ ᠪᠤᠢ ᠪᠦᠬᠦᠢ ᠪᠠᠷᠤᠭᠰᠢᠨ ᠪᠧᠲ᠋ᠤᠨ ᠤ ᠳᠤᠮᠳᠠ ᠳᠠᠪᠬᠤᠷᠭ᠎ᠠ ᠶᠢ ᠪᠦᠬᠦᠨ ᠢ ᠳᠠᠭᠤᠰᠬᠠᠵᠤ᠂ ᠵᠢᠱᠢᠯᠲᠡ ᠪᠠᠷ 8 ᠰᠠᠷ᠎ᠠ ᠶᠢᠨ 30 ᠤ ᠡᠳᠦᠷ ᠯᠢᠴᠢᠩ ᠪᠧᠲ᠋ᠤᠨ ᠤ ᠳᠡᠭᠡᠷ᠎ᠡ ᠳᠠᠪᠬᠤᠷᠭ᠎ᠠ ᠶᠢ ᠳᠠᠭᠤᠰᠬᠠᠵᠤ᠂ ᠭᠤᠣᠯ ᠱᠤᠭᠤᠮ ᠢ ᠨᠡᠪᠲᠡᠷᠡᠭᠦᠯᠦᠨ᠎ᠡ᠃ ᠥᠪᠥᠷ ᠮᠣᠩᠭᠤᠯ ᠤᠨ ᠯᠦ ᠴᠢᠶᠣᠤ ᠪᠦᠯᠦᠭᠯᠡᠯ ᠤᠨ S29 ᠪᠠᠷᠢᠯᠭ᠎ᠠ ᠶᠢᠨ ᠶᠡᠷᠦᠩᠬᠡᠢ ᠳᠠᠭᠠᠭᠠᠴᠢᠯᠠᠯᠲᠠ ᠶᠢᠨ ᠬᠤᠶᠠᠳᠤᠭᠠᠷ ᠪᠠᠷᠢᠮᠵᠢᠶᠠᠲᠤ ᠲᠥᠷᠥᠯ ᠵᠦᠢᠯ ᠤᠨ ᠶᠡᠷᠦᠩᠬᠡᠢ ᠳᠠᠭᠠᠭᠠᠮᠠᠯ ᠢᠦᠢ  ᠰᠢᠨ ᠵᠢᠶᠠᠩ ᠲᠠᠨᠢᠯᠴᠠᠭᠤᠯᠤᠨ᠎ᠠ᠃
   S29 ᠬᠥᠬᠡᠬᠤᠲᠠ ᠠᠴᠠ ᠯᠢᠶᠠᠩᠴᠧᠩ ᠬᠥᠷᠬᠦ ᠳᠡᠭᠡᠳᠦ ᠬᠤᠷᠳᠤᠴᠠᠳᠤ ᠵᠠᠰᠠᠮᠠᠯ ᠵᠠᠮ ︵ᠬᠥᠬᠡᠬᠤᠲᠠ ᠶᠢᠨ ᠬᠡᠰᠡᠭ︶ ᠤᠨ ᠵᠠᠮ ᠱᠤᠭᠤᠮ ᠤᠨ ᠡᠬᠢᠯᠡᠯᠲᠡ ᠶᠢᠨ ᠴᠡᠭ ᠨᠢ G5901 ᠬᠥᠬᠡᠬᠤᠲᠠ ᠶᠢᠨ ᠬᠤᠲᠠ ᠲᠣᠭᠤᠷᠢᠭᠰᠠᠨ ᠳᠡᠭᠡᠳᠦ ᠬᠤᠷᠳᠤᠴᠠᠳᠤ ᠵᠠᠰᠠᠮᠠᠯ ᠵᠠᠮ ᠤᠨ ᠶᠢᠨ ᠾᠧ ᠬᠦᠢᠰᠦ ᠶᠢᠨ ᠬᠠᠷᠢᠯᠴᠠᠨ ᠨᠡᠪᠲᠡᠷᠡᠯᠴᠡᠵᠦ᠂ ᠡᠮᠦᠨ᠎ᠡ G 59 ᠬᠥᠬᠡᠬᠤᠲᠠ ᠠᠴᠠ ᠬᠤᠶᠢᠲᠤ ᠳᠡᠭᠡᠳᠦ ᠬᠤᠷᠳᠤᠴᠠᠳᠤ ᠵᠠᠰᠠᠮᠠᠯ ᠵᠠᠮ ᠤᠨ K5 + 575 ᠭᠠᠵᠠᠷ ᠲᠤ ᠰᠢᠵᠢᠷ ᠠᠯᠲᠠᠨ ᠶᠡᠭᠡ ᠵᠠᠮ ᠢ ᠠᠰᠢᠭᠯᠠᠨ ᠵᠦᠷᠢᠯᠢᠭ ᠬᠥᠭᠦᠷᠭᠡ ᠶᠢ ᠠᠰᠢᠭᠯᠠᠨ ᠲᠡᠯᠡᠶ ᠶᠢᠨ ᠬᠤᠸᠠᠷᠠᠨ ᠤ ᠬᠦᠢᠰᠦ ᠶᠢᠨ ᠬᠠᠷᠢᠯᠴᠠᠨ ᠨᠡᠪᠲᠡᠷᠡᠯᠴᠡᠵᠦ᠂ ᠵᠠᠮ ᠱᠤᠭᠤᠮ ᠨᠢ ᠵᠡᠭᠦᠨᠰᠢ ᠬᠠᠨᠳᠤᠵᠤ᠂ ᠱᠠ ᠯᠢᠶᠠᠩ ᠪᠠᠷᠠᠭᠠᠨ ᠤ  ᠭᠦᠢᠯᠭᠡᠭᠡᠨ ᠤ ᠬᠦᠷᠢᠶᠡᠯᠡᠩ ᠲᠣᠭᠤᠷᠢᠭ᠂ ᠬᠤᠸᠠᠩ ᠾᠧ ᠱᠣᠤ ᠪᠠᠯᠭᠠᠰᠤᠨ ᠤ ᠵᠢᠤᠢ ᠹᠧᠩ ᠲᠣᠭᠤᠰᠬ᠎ᠠ ᠶᠢᠨ ᠦᠢᠯᠡᠳᠪᠦᠷᠢ᠂ ᠵᠦ ᠬᠠᠢ ᠲᠣᠰᠬᠤᠨ᠂ ᠯᠣᠣ ᠵᠠᠩ ᠶᠣᠣ ᠲᠣᠰᠬᠤᠨ ᠢᠶᠠᠷ ᠳᠡᠮᠵᠢᠨ᠂ ᠲᠡᠭᠦᠰᠬᠡᠯ ᠤᠨ ᠴᠡᠭ ᠲᠤ ᠨᠢᠭᠡᠨᠲᠡ ᠪᠠᠶᠢᠭᠤᠯᠤᠭᠰᠠᠨ ᠬᠤ᠋ ᠯᠢᠶᠠᠩ ᠹᠧᠩ ᠨᠢᠭᠡᠳᠦᠭᠡᠷ ᠳᠡᠰ ᠤᠨ ᠵᠠᠰᠠᠮᠠᠯ ᠵᠠᠮ ᠲᠠᠢ ᠵᠠᠯᠭᠠᠯᠳᠤᠨ᠎ᠠ᠃
      S29 ᠬᠥᠬᠡᠬᠤᠲᠠ ᠠᠴᠠ ᠯᠢᠶᠠᠩᠴᠧᠩ ᠬᠦᠷᠲᠡᠯᠡᠬᠢ ᠳᠡᠭᠡᠳᠦ ᠬᠤᠷᠳᠤᠴᠠᠳᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠬᠡᠷ ᠤᠨ ᠳᠡᠳ᠋ ᠡᠷᠬᠢᠯᠡᠭᠴᠢ ᠯᠢᠦ ᠸᠧᠨ ᠯᠦᠩ᠄ ︽ᠣᠳᠣᠬᠠᠨ ᠳᠤ ᠪᠢᠳᠡ ᠶᠠᠭ ᠠᠬᠢᠴᠠ ᠶᠢ ᠠᠳᠬᠤᠵᠤ᠂ ᠠᠵᠢᠯ ᠤᠨ ᠬᠤᠭᠤᠴᠠᠭ᠎ᠠ ᠶᠢ ᠠᠮᠵᠢᠨ᠂ ᠠᠷᠪᠠᠨ ᠰᠠᠷ᠎ᠠ ᠳᠤ ᠠᠵᠢᠯ ᠢᠶᠠᠨ ᠳᠠᠭᠤᠰᠬᠠᠵᠤ᠂ ᠵᠢᠯ ᠤᠨ ᠳᠣᠲᠣᠷ᠎ᠠ ᠪᠠᠷᠢᠯᠭ᠎ᠠ ᠶᠢ ᠳᠠᠭᠤᠰᠬᠠᠬᠤ ᠪᠠᠷ ᠴᠢᠷᠮᠠᠶᠢᠵᠤ ᠪᠠᠶᠢᠨ᠎ᠠ︾ ᠭᠡᠵᠡᠶ᠃                                  ᠨᠠᠶᠢᠷᠠᠭᠤᠯᠤᠭᠴᠢ᠄   ᠴᠧᠨ ᠰᠢᠶᠤᠤ ᠵᠢᠤᠸᠠᠨ                                  ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2