ᠰᠢᠶᠠᠨ ᠤ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠳᠤ ᠬᠦᠷᠴᠦ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/7/26
   ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠶᠢᠨ ᠲᠥᠯᠥᠭᠡ᠂ 7 ᠰᠠᠷ᠎ᠠ ᠶᠢᠨ 24᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠳᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠪᠣᠯᠤᠨ ᠣᠯᠠᠨ ᠲᠦᠮᠡᠨ ᠤ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠪᠡ᠃
     ᠠᠵᠢᠯᠯᠠᠭ᠎ᠠ ᠶᠢᠨ ᠳᠤᠮᠳᠠ᠂ ᠰᠢᠶᠠᠨ ᠤ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠭᠤᠷᠪᠠᠨ ᠯᠧᠺᠲ᠋ᠣᠷ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂  ᠂ ᠨᠠᠮ ᠢᠶᠠᠨ ᠳᠠᠭᠠᠬᠤ︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ︾᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠦᠨᠡᠨᠴᠢ ᠢᠲᠡᠭᠡᠮᠵᠢᠲᠡᠢ ᠬᠡᠪ ᠰᠤᠷᠲᠠᠯ ᠢ ᠪᠤᠢ ᠪᠣᠯᠭᠠᠬᠤ︾᠎ ᠪᠠᠷ ᠭᠤᠣᠯ ᠰᠡᠳᠦᠪ ᠪᠣᠯᠭᠠᠵᠤ᠂ ᠪᠣᠷᠣᠭᠵᠢᠭᠤᠨ ᠦᠭᠡ ᠬᠡᠯᠡ᠂ ᠦᠨᠡᠨ ᠪᠣᠳᠠᠲᠠᠢ ᠦᠯᠢᠭᠡᠷ᠂ ᠭᠦᠨᠵᠡᠭᠡᠢ ᠣᠶᠢᠯᠠᠭᠠᠯᠲᠠ ᠪᠠᠷ ᠳᠠᠮᠵᠢᠭᠤᠯᠵᠤ᠂ ᠺᠠᠳ᠋ᠷ ᠤᠯᠠᠨ ᠲᠦᠮᠡᠨ ᠳᠤ ᠤᠬᠠᠭᠤᠯᠤᠨ ᠲᠠᠶᠢᠯᠪᠤᠷᠢᠯᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠭᠦᠯᠵᠦ᠂ ᠨᠠᠮ ᠤᠨ ᠤᠷᠢᠶᠠᠯᠠᠭ᠎ᠠ ᠶᠢ ᠴᠤᠤᠷᠢᠶᠠᠲᠤᠨ ᠲᠠᠭᠠᠵᠤ᠂ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃    ᠤᠬᠠᠭᠤᠯᠤᠨ ᠲᠠᠶᠢᠯᠪᠤᠷᠢᠯᠠᠬᠤ ᠭᠤᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠨᠠᠷᠢᠨ ᠪᠣᠳᠠᠲᠠᠢ᠂ ᠠᠭᠤᠯᠤᠭᠳᠠᠬᠤᠨ ᠨᠢ ᠭᠦᠨᠵᠡᠭᠡᠢ ᠪᠠᠶᠢᠨ᠎ᠠ᠃ ᠬᠤᠷᠠᠯ ᠳᠤ ᠣᠷᠣᠯᠴᠠᠭᠰᠠᠳ ᠨᠠᠷᠢᠨ ᠬᠢᠨᠠᠮᠠᠭᠠᠢ ᠰᠣᠨᠣᠰᠴᠤ᠂ ᠰᠡᠳᠬᠢᠯ ᠲᠠᠯᠪᠢᠨ ᠪᠣᠳᠣᠯᠬᠢᠯᠠᠵᠤ᠂ ᠤᠯᠠᠨ ᠤ ᠠᠵᠢᠯ ᠬᠢᠵᠦ ᠦᠢᠯᠡᠰ ᠪᠤᠰᠬᠠᠬᠤ ᠢᠲᠡᠭᠡᠯ ᠵᠣᠷᠢᠭ ᠢ ᠬᠥᠭᠵᠢᠭᠡᠵᠦ᠂ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠪᠠᠷ ᠠᠵᠠ ᠲᠣᠬᠢᠶᠠᠯ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠭᠦᠨ ᠵᠤᠵᠠᠭᠠᠨ ᠬᠠᠶᠢᠷ᠎ᠠ ᠬᠠᠯᠠᠮᠵᠢ ᠪᠣᠯᠤᠨ ᠭᠦᠨ ᠵᠤᠵᠠᠭᠠᠨ ᠬᠦᠰᠡᠯ ᠡᠷᠡᠮᠡᠯᠵᠡᠯ ᠢ ᠭᠦᠨᠵᠡᠭᠡᠢ ᠣᠶᠢᠯᠠᠭᠠᠵᠤ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠡᠷᠡᠰ ᠭᠤᠶᠢᠪᠢᠰᠢ ᠦᠭᠡᠢ ᠪᠠᠷ ᠨᠠᠮ ᠢᠶᠠᠨ ᠲᠠᠭᠠᠵᠤ᠂ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠦ ᠢᠯᠡᠳᠬᠡᠵᠡᠭᠡᠪᠡ    ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠲᠠᠲᠠᠪᠤᠷᠢᠯᠠᠨ ᠲᠤᠰᠢᠶᠠᠬᠤ ᠲᠠᠰᠤᠭ ᠤᠨ ᠬᠠᠷᠢᠭᠤᠴᠠᠯᠭᠠᠲᠠᠨ ᠮᠧᠩ ᠰᠢᠶᠣᠤ ᠬᠤᠩ    ᠡᠨᠡ ᠮᠡᠳᠡᠭᠦᠯᠦᠯᠲᠡ ᠶᠢᠨ ᠬᠤᠷᠠᠯ ᠢ ᠰᠣᠨᠣᠰᠤᠭᠠᠳ ᠪᠢᠳᠡ ᠡᠭᠦᠷᠭᠡ ᠬᠠᠷᠢᠭᠤᠴᠠᠯᠭ᠎ᠠ ᠪᠠᠨ ᠨᠡᠩ ᠭᠦᠨᠵᠡᠭᠡᠢ ᠤᠶᠢᠯᠠᠭᠠᠪᠠ᠃ ᠪᠢᠳᠡ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠵᠢᠯᠤᠭᠤᠳᠤᠯᠭ᠎ᠠ ᠶᠢ ᠳᠠᠭᠠᠵᠤ᠂ ᠨᠠᠮ ᠤᠨ ᠠᠯᠬᠤᠭ᠎ᠠ ᠶᠢ ᠳᠠᠭᠠᠵᠤ᠂ ᠲᠠᠰᠤᠷᠠᠯᠲᠠ ᠦᠭᠡᠢ ᠰᠤᠷᠤᠯᠴᠠᠵᠤ᠂ ᠲᠤᠰ ᠪᠡᠶ᠎ᠡ ᠶᠢᠨ ᠬᠡᠪ ᠴᠢᠨᠠᠷ ᠢᠶᠠᠨ ᠳᠡᠭᠡᠭᠰᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃                                   ᠨᠠᠶᠢᠷᠠᠭᠤᠯᠤᠭᠴᠢ᠄   ᠴᠧᠨ ᠰᠢᠶᠤᠤ ᠵᠢᠤᠸᠠᠨ                                   ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2