ᠯᠢᠶᠠᠩᠴᠧᠩ ᠰᠢᠶᠠᠨ ᠤ ᠬᠠᠩᠭᠠᠨ ᠪᠣᠷᠣᠯᠠᠭᠤᠯᠬᠤ ᠬᠤᠷᠰᠢᠶ᠎ᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠦᠬᠦ ᠬᠦᠴᠦᠨ ᠢᠶᠠᠷ ᠢᠶᠠᠨ ᠪᠠᠲᠤᠯᠠᠪᠠ
ᠨᠡᠶᠢᠲᠡᠯᠡᠭᠰᠡᠨ ᠴᠠᠭ᠄
2024/7/29
2024 ᠣᠨ ᠳᠤ᠂ ᠯᠢᠶᠠᠩᠴᠧᠩ ᠰᠢᠶᠠᠨ ᠤ ᠬᠠᠩᠭᠠᠨ ᠪᠣᠷᠣᠯᠠᠭᠤᠯᠬᠤ ᠬᠤᠷᠰᠢᠶ᠎ᠠ ᠬᠠᠩᠭᠠᠨ ᠪᠣᠷᠣᠯᠠᠭᠤᠯᠬᠤ ᠰᠢᠰᠲ᠋ᠧᠮ ᠤᠨ ᠡᠳ᠋ ᠬᠥᠷᠥᠩᠭᠡ ᠶᠢᠨ ᠬᠠᠩᠭᠠᠯᠭ᠎ᠠ ᠶᠢᠨ ᠭᠤᠤᠯ ᠠᠷᠭ᠎ᠠ ᠵᠠᠮ ᠤᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠡᠳ᠋ ᠬᠥᠷᠥᠩᠭᠡ ᠶᠢᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠶᠢ ᠴᠢᠷᠮᠠᠶᠢᠨ ᠪᠡᠶᠡᠯᠡᠭᠦᠯᠦᠨ᠎ᠡ᠃    ᠨᠢᠭᠡ ᠳᠤ ᠬᠠᠩᠭᠠᠨ ᠪᠣᠷᠣᠯᠠᠭᠤᠯᠬᠤ ᠰᠢᠰᠲ᠋ᠧᠮ ᠤᠨ ᠰᠣᠷᠣᠭᠴᠢ ᠶᠢᠨ ᠬᠥᠷᠥᠩᠭᠡ ᠶᠢᠨ ᠬᠠᠩᠭᠠᠯᠭ᠎ᠠ ᠶᠢᠨ ᠲᠠᠯ᠎ᠠ ᠪᠠᠷ ᠬᠢ ᠭᠤᠤᠯ ᠠᠷᠭ᠎ᠠ ᠵᠠᠮ ᠤᠨ ᠦᠢᠯᠡᠳᠦᠯ ᠢ ᠢᠳᠡᠪᠬᠢᠲᠡᠶ ᠤᠬᠠᠭᠤᠯᠬᠤ ᠪᠠᠷ ᠳᠠᠮᠵᠢᠭᠤᠯᠤᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠭᠦᠢᠯᠭᠡᠭᠡᠨ ᠤ ᠰᠦᠯᠵᠢᠶᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠢᠯᠠᠩᠭᠤᠶ᠎ᠠ ᠰᠣᠷᠣᠭᠴᠢ ᠶᠢᠨ ᠪᠠᠯᠠ ᠣᠷᠣᠭᠤᠯᠤᠯᠲᠠ ᠶᠢ ᠡᠵᠡᠩᠨᠡᠨ ᠪᠣᠷᠣᠯᠠᠭᠤᠯᠬᠤ ᠨᠢᠭᠡᠴᠡ ᠶᠢ ᠤᠷᠢᠵᠤ ︽ᠳᠤᠮᠳᠠᠳᠤ ᠤᠯᠤᠰ ᠤᠨ ᠬᠠᠩᠭᠠᠨ ᠪᠣᠷᠣᠯᠠᠭᠤᠯᠬᠤ︾ ᠨᠡᠶᠢᠲᠡ ᠶᠢᠨ ᠳ᠋ᠤᠭᠠᠷ ᠢ ᠠᠩᠬᠠᠷᠤᠭᠤᠯᠵᠤ᠂ ᠲᠡᠭᠦᠨ ᠳᠤ ᠬᠠᠩᠭᠠᠨ ᠪᠣᠷᠣᠯᠠᠭᠤᠯᠬᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠭᠤᠯᠵᠤ᠂ ᠲᠡᠭᠦᠨ ᠢ ᠬᠠᠩᠭᠠᠨ ᠪᠣᠷᠣᠯᠠᠭᠤᠯᠬᠤ ᠰᠢᠰᠲ᠋ᠧᠮ ᠤᠨ ᠰᠣᠷᠣᠭᠴᠢ ᠶᠢᠨ ᠬᠥᠷᠥᠩᠭᠡ ᠶᠢᠨ ᠭᠦᠢᠯᠭᠡᠭᠡᠨ ᠤ ᠰᠦᠯᠵᠢᠶᠡᠨ ᠤ ᠰᠢᠰᠲ᠋ᠧᠮ ᠤᠨ ᠪᠠᠶᠢᠭᠤᠯᠤᠯᠲᠠ ᠳᠤ ᠣᠷᠣᠭᠤᠯᠬᠤ ᠶᠢ ᠵᠣᠷᠢᠭᠵᠢᠭᠤᠯᠤᠨ᠎ᠠ᠃ 2024 ᠣᠨ ᠳᠤ ᠪᠠᠰᠠ ᠬᠤᠶᠠᠷ ᠲᠦᠭᠦᠬᠡᠶ ᠡᠳ᠋ ᠪᠣᠳᠠᠰ ᠡᠵᠡᠩᠨᠡᠨ ᠪᠣᠷᠣᠯᠠᠭᠤᠯᠬᠤ ᠨᠢᠭᠡᠴᠡ ᠰᠠᠨᠠᠭᠠᠴᠢᠯᠠᠭ᠎ᠠ ᠠᠴᠠ ᠪᠠᠨ ᠯᠢᠶᠠᠩᠴᠧᠩ ᠰᠢᠶᠠᠨ ᠤ ᠬᠠᠩᠭᠠᠨ ᠪᠣᠷᠣᠯᠠᠭᠤᠯᠬᠤ ᠰᠢᠰᠲ᠋ᠧᠮ ᠤᠨ ᠲᠦᠭᠦᠬᠡᠶ ᠡᠳ᠋ ᠬᠥᠷᠥᠩᠭᠡ ᠶᠢᠨ ᠭᠦᠢᠯᠭᠡᠭᠡᠨ ᠤ ᠰᠦᠯᠵᠢᠶᠡᠨ ᠤ ᠰᠢᠰᠲ᠋ᠧᠮ ᠳᠤ ᠤᠷᠤᠭᠰᠠᠨ ᠪᠠᠶᠢᠨ᠎ᠠ᠃ ᠣᠳᠣᠬᠠᠨ ᠪᠣᠯᠲᠠᠯ᠎ᠠ᠂ ᠯᠢᠶᠠᠩᠴᠧᠩ ᠰᠢᠶᠠᠨ ᠤ ᠬᠠᠩᠭᠠᠨ ᠪᠣᠷᠣᠯᠠᠭᠤᠯᠬᠤ ᠬᠤᠷᠰᠢᠶ᠎ᠠ ᠨᠢ ᠪᠥᠬᠦ ᠰᠢᠶᠠᠨ ᠳᠤ 19 ᠰᠣᠷᠣᠭᠴᠢ ᠶᠢᠨ ᠪᠠᠯᠠ ᠣᠷᠣᠭᠤᠯᠵᠤ ᠪᠣᠷᠣᠯᠠᠭᠤᠯᠬᠤ ᠲᠣᠤᠷ ᠴᠡᠭ ᠪᠠᠶᠢᠭᠤᠯᠵᠤ᠂ ᠬᠥᠮᠥᠷᠭᠡ ᠶᠢᠨ ᠪᠠᠷᠢᠯᠭ᠎ᠠ ᠶᠢᠨ ᠲᠠᠯᠠᠪᠠᠶ ᠨᠢ 4320 ᠲᠡᠭᠰᠢ ᠳᠥᠷᠪᠡᠯᠵᠢᠨ ᠮᠧᠲᠷ ᠪᠠᠶᠢᠵᠤ᠂ ᠬᠥᠮᠥᠷᠭᠡ ᠶᠢᠨ ᠪᠠᠭᠲᠠᠭᠠᠮᠵᠢ ᠨᠢ 7700 ᠲᠣᠨ ᠳᠤ ᠬᠦᠷᠴᠡᠶ᠃    ᠬᠤᠶᠠᠷ ᠲᠤ᠂ ᠬᠠᠩᠭᠠᠨ ᠪᠣᠷᠣᠯᠠᠭᠤᠯᠬᠤ ᠰᠢᠰᠲ᠋ᠧᠮ ᠤᠨ ᠡᠳ᠋ ᠬᠥᠷᠥᠩᠭᠡ ᠶᠢᠨ ᠬᠠᠩᠭᠠᠯᠭ᠎ᠠ ᠶᠢᠨ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠠᠬᠢᠭᠤᠯᠪᠠ᠃ 6 ᠰᠠᠷ᠎ᠠ ᠶᠢᠨ ᠰᠡᠭᠦᠯᠴᠢ ᠪᠣᠯᠲᠠᠯ᠎ᠠ᠂ ᠯᠢᠶᠠᠩᠴᠧᠩ ᠰᠢᠶᠠᠨ ᠤ ᠬᠠᠩᠭᠠᠨ ᠪᠣᠷᠣᠯᠠᠭᠤᠯᠬᠤ ᠰᠢᠰᠲ᠋ᠧᠮ ᠬᠢᠮᠢ ᠶᠢᠨ ᠪᠣᠷᠲᠣᠭᠤᠷ ᠢ ᠨᠡᠶᠢᠲᠡ 5928 ᠲᠣᠨ ᠬᠤᠳᠠᠯᠳᠤᠨ ᠠᠪᠴᠤ᠂ ᠠᠳᠠᠯᠢ ᠬᠤᠭᠤᠴᠠᠭᠠᠨ ᠤ ᠬᠢ ᠠᠴᠠ 1792 ᠲᠣᠨ ᠨᠡᠮᠡᠭᠳᠡᠵᠦ᠂ 43.33%᠎ ᠪᠠᠷ ᠨᠡᠮᠡᠭᠳᠡᠪᠡ᠃ ᠡᠭᠦᠨ ᠳᠤ ᠠᠽᠣᠲ ᠪᠣᠷᠲᠣᠭᠤᠷ 932 ᠲᠣᠨ ᠪᠣᠷᠣᠯᠠᠭᠤᠯᠵᠤ᠂ ᠠᠳᠠᠯᠢ ᠬᠤᠭᠤᠴᠠᠭᠠᠨ ᠤ ᠬᠢ ᠠᠴᠠ 287 ᠲᠣᠨ ᠨᠡᠮᠡᠭᠳᠡᠪᠡ︔ ᠹᠣᠰᠹᠣᠷ ᠪᠣᠷᠲᠣᠭᠤᠷ 1085 ᠲᠣᠨ ᠪᠣᠷᠣᠯᠠᠭᠤᠯᠵᠤ᠂ ᠠᠳᠠᠯᠢ ᠬᠤᠭᠤᠴᠠᠭᠠᠨ ᠤ ᠬᠢ ᠠᠴᠠ 189 ᠲᠣᠨ ᠪᠠᠭᠠᠰᠴᠤ ᠂ ᠺᠠᠯᠢ ᠶᠢᠨ ᠪᠣᠷᠳᠣᠭᠤᠷ ᠪᠣᠯᠤᠨ ᠨᠡᠶᠢᠯᠡᠮᠡᠯ ᠪᠣᠷᠳᠣᠭᠤᠷ 3767 ᠲᠣᠨ ᠪᠣᠷᠣᠯᠠᠭᠤᠯᠵᠤ᠂ ᠠᠳᠠᠯᠢ ᠬᠤᠭᠤᠴᠠᠭᠠᠨ ᠤ ᠬᠢ ᠠᠴᠠ 1560 ᠲᠣᠨ ᠨᠡᠮᠡᠭᠳᠡᠪᠡ︔ ᠤᠰᠤᠨ ᠳᠤ ᠠᠭᠤᠰᠤᠭᠰᠠᠨ ᠪᠣᠷᠲᠣᠭᠤᠷ 144 ᠲᠣᠨ ᠪᠣᠷᠣᠯᠠᠭᠤᠯᠵᠤ᠂ ᠠᠳᠠᠯᠢ ᠬᠤᠭᠤᠴᠠᠭᠠᠨ ᠤ ᠬᠢ ᠠᠴᠠ 134 ᠲᠣᠨ ᠨᠡᠮᠡᠭᠳᠡᠪᠡ᠃ ᠯᠢᠶᠠᠩᠴᠧᠩ ᠰᠢᠶᠠᠨ ᠤ ᠭᠦᠸᠧ ᠰᠢᠶᠠᠨ ᠶᠣᠣ ᠶᠡᠷᠦᠩᠬᠡᠶᠢᠯᠡᠭᠰᠡᠨ ᠦᠢᠯᠡᠴᠢᠯᠡᠭᠡᠨ ᠤ ᠬᠤᠷᠰᠢᠶ᠎ᠠ ᠶᠢᠨ ᠬᠠᠷᠢᠭᠤᠴᠠᠯᠭᠠᠲᠠᠨ ᠬᠡᠯᠡᠬᠦ ᠳᠡᠭᠡᠨ᠄ ︽ᠡᠨᠡ ᠵᠢᠯ ᠮᠠᠰᠢ ᠣᠯᠠᠨ ᠲᠠᠷᠢᠮᠠᠯ ᠤᠨ ᠲᠣᠮᠣ ᠡᠷᠦᠬᠡ ᠮᠠᠨ ᠤ ᠬᠤᠷᠰᠢᠶ᠎ᠠ ᠳᠤ ᠰᠢᠯᠵᠢᠨ ᠬᠢᠮᠢ ᠶᠢᠨ ᠪᠣᠷᠳᠣᠭᠤᠷ ᠬᠤᠳᠠᠯᠳᠤᠨ ᠠᠪᠴᠤ ᠪᠠᠶᠢᠨ᠎ᠠ᠂ ᠡᠨᠡ ᠵᠢᠯ ᠡᠯ᠎ᠡ ᠵᠦᠢᠯ ᠤᠨ ᠬᠢᠮᠢ ᠶᠢᠨ ᠪᠣᠷᠳᠣᠭᠤᠷ ᠤᠨ ᠪᠣᠷᠣᠯᠠᠭᠤᠯᠤᠯᠲᠠ ᠶᠢᠨ ᠬᠡᠮᠵᠢᠶ᠎ᠡ ᠨᠢᠳᠤᠨᠤᠨ ᠤ ᠬᠢ ᠠᠴᠠ 260 ᠲᠣᠨ ᠨᠡᠮᠡᠭᠳᠡᠵᠦ᠂ ᠲᠠᠷᠢᠶᠠᠯᠠᠩ ᠤᠨ ᠪᠦᠷᠬᠦᠭᠦᠯ ᠤᠨ ᠪᠣᠷᠣᠯᠠᠭᠤᠯᠤᠯᠲᠠ ᠶᠢᠨ ᠬᠡᠮᠵᠢᠶ᠎ᠡ 23 ᠲᠣᠨ ᠨᠡᠮᠡᠭᠳᠡᠵᠦ᠂ ᠪᠤᠰᠤᠳ ᠦᠷ᠎ᠡ ᠵᠢᠴᠢ ᠲᠠᠷᠢᠶᠠᠨ ᠡᠮ ᠤᠨ ᠪᠣᠷᠣᠯᠠᠭᠤᠯᠭ᠎ᠠ ᠶᠢᠨ ᠬᠡᠮᠵᠢᠶ᠎ᠡ ᠴᠦ ᠲᠣᠭᠲᠠᠭᠤᠨ ᠢᠶᠠᠷ ᠳᠡᠭᠡᠭᠰᠢᠯᠡᠵᠦ ᠪᠠᠶᠢᠨ᠎ᠠ︾ ᠭᠡᠵᠡᠶ᠃     ᠭᠤᠷᠪᠠ ᠳᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠤᠷᠳᠤᠭᠤᠷ ᠣᠷᠣᠭᠤᠯᠵᠤ ᠡᠮ ᠬᠡᠷᠡᠭᠯᠡᠬᠦ ᠶᠢ ᠥᠷᠨᠢᠭᠦᠯᠵᠦ᠂ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠯᠢᠶᠠᠩᠴᠧᠩ ᠰᠢᠶᠠᠨ ᠤ ᠢ ᠨᠦᠩ ᠳᠠᠷᠢᠵᠤ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠨᠢᠳᠤᠨᠤᠨ 10 ᠲᠣᠨ ᠤᠰᠤᠨ ᠳᠤ ᠠᠭᠤᠰᠤᠭᠰᠠᠨ ᠪᠣᠷᠲᠣᠭᠤᠷ ᠬᠤᠳᠠᠯᠳᠤᠨ ᠣᠷᠣᠭᠤᠯᠤᠭᠰᠠᠨ ᠪᠥᠭᠡᠳ ᠲᠠᠷᠢᠶᠠᠨ ᠠᠵᠢᠯ ᠤᠨ ᠲᠤᠷᠰᠢᠯᠲᠠ ᠬᠢᠭᠰᠡᠨ ᠰᠠᠭᠤᠷᠢᠨ ᠳᠡᠭᠡᠷ᠎ᠡ᠂ 2024 ᠣᠨ ᠳᠤ 130 ᠲᠣᠨ ᠤᠰᠤᠨ ᠳᠤ ᠠᠭᠤᠰᠤᠭᠰᠠᠨ ᠪᠣᠷᠲᠣᠭᠤᠷ ᠬᠤᠳᠠᠯᠳᠤᠨ ᠣᠷᠣᠭᠤᠯᠵᠤ᠂ 1.5 ᠲᠦᠮᠡᠨ ᠮᠥ ᠲᠠᠷᠢᠮᠠᠯ ᠢ ᠬᠠᠩᠭᠠᠵᠤ᠂ ᠲᠣᠭᠲᠠᠭᠰᠠᠨ ᠬᠤᠭᠤᠴᠠᠭᠠᠨ ᠳᠠᠭᠠᠨ ᠪᠣᠷᠳᠣᠭᠤᠷ ᠣᠷᠣᠭᠤᠯᠬᠤ ᠶᠢ ᠪᠠᠲᠤᠯᠠᠬᠤ ᠶᠢᠨ ᠲᠥᠯᠥᠭᠡ᠂ ᠡᠭᠦᠨ ᠤ ᠬᠠᠮᠲᠤ ᠵᠢᠯᠣᠭᠤᠴᠢ ᠥᠬᠡᠶ ᠨᠢᠭᠡ ᠮᠠᠰᠢᠨ ᠢ ᠰᠢᠨ᠎ᠡ ᠪᠠᠷ ᠬᠤᠳᠠᠯᠳᠤᠨ ᠠᠪᠤᠪᠠ᠃                                         ᠨᠠᠶᠢᠷᠠᠭᠤᠯᠤᠭᠴᠢ᠄   ᠴᠧᠨ ᠰᠢᠶᠤᠤ ᠵᠢᠤᠸᠠᠨ                                         ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2