ᠯᠢᠶᠠᠩᠴᠧᠩ ᠰᠢᠶᠠᠨ ︽ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠰᠦᠭ ᠰᠦᠨᠡᠰᠦ ᠶᠢ ᠵᠠᠯᠭᠠᠮᠵᠢᠯᠠᠵᠤ ᠦᠨᠳᠦᠰᠦᠲᠡᠨ ᠤ ᠪᠦᠯᠬᠦᠮᠳᠡᠯ ᠤᠨ ᠬᠥᠷᠥᠰᠥ ᠶᠢ ᠵᠤᠵᠠᠭᠠᠳᠬᠠᠬᠤ︾ ᠲᠤᠰᠬᠠᠶ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/29
ᠳᠤᠮᠳᠠᠳᠤ ᠶᠢᠨ ᠦᠨᠳᠦᠰᠦᠲᠡᠨ ᠤ ᠲᠡᠦᠬᠡ ᠪᠠ ᠳᠤᠮᠳᠠᠳᠤ ᠶᠢᠨ ᠰᠣᠶᠣᠯ ᠢ ᠨᠠᠩ ᠰᠠᠶᠢᠨ ᠪᠡᠶᠡᠴᠢᠯᠡᠨ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢᠨ ᠲᠥᠯᠥᠭᠡ᠂ 7 ᠰᠠᠷ᠎ᠠ ᠶᠢᠨ 25᠎ ᠤ ᠡᠳᠦᠷ᠂ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ ᠲᠠᠢ ᠬᠠᠮᠲᠤᠷᠠᠨ ᠰᠢᠶᠠᠨ ᠤ ᠠᠵᠢᠯᠴᠢᠨ ᠤ ᠡᠪᠯᠡᠯ᠂ ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶ᠎ᠠ᠂ ᠰᠢᠶᠠᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠵᠡᠷᠭᠡ ᠬᠠᠮᠢᠶ᠎ᠠ ᠪᠥᠬᠦᠶ ᠨᠢᠭᠡᠴᠢ ᠲᠠᠢ ᠬᠠᠮᠲᠤᠷᠠᠨ ᠠᠬᠠᠮᠠᠳ ᠺᠠᠳ᠋ᠷᠴᠤᠳ ᠤᠨ ᠠᠵᠢᠯᠯᠠᠭ᠎ᠠ ᠶᠢᠨ ᠲᠥᠪ ᠲᠤ ︽ᠪᠣᠳᠠᠰ ᠤᠨ ᠪᠤᠰᠤ ᠰᠣᠶᠣᠯ ᠤᠨ ᠰᠣᠶᠣᠯ ᠤᠨ ᠰᠦᠭ ᠰᠦᠨᠡᠰᠦ ᠶᠢ ᠤᠯᠠᠮᠵᠢᠯᠠᠨ ᠵᠠᠯᠭᠠᠮᠵᠢᠯᠠᠵᠤ ᠦᠨᠳᠦᠰᠦᠲᠡᠨ ᠤ ᠪᠦᠯᠬᠦᠮᠳᠡᠯ ᠤᠨ ᠬᠥᠷᠥᠰᠥ ᠶᠢ ᠵᠤᠵᠠᠭᠠᠳᠬᠠᠬᠤ︾ ᠲᠤᠰᠬᠠᠶ ᠰᠡᠳᠦᠪᠲᠦ ᠠᠵᠢᠯᠯᠠᠭ᠎ᠠ ᠥᠷᠨᠢᠭᠦᠯᠪᠡ᠃
     ᠡᠬᠢᠯᠡᠯᠲᠡ ᠶᠢᠨ ᠶᠣᠰᠣᠯᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠢᠤᠢ ᠸᠧᠨ ᠺᠠᠢ ᠪᠠᠶᠠᠷ ᠤᠨ ᠦᠭᠡ ᠬᠡᠯᠡᠵᠦ᠂ ᠨᠠᠰᠤᠲᠠᠶᠢᠴᠤᠳ ᠤᠨ ᠤᠷᠠᠯᠢᠭ ᠤᠨ ᠪᠦᠯᠬᠦᠮ ᠭᠤᠶᠢᠳᠠ ᠰᠠᠶᠢᠬᠠᠨ ᠲᠣᠭᠯᠠᠯᠲᠠ ᠪᠠᠨ ᠳᠡᠪᠰᠢᠭᠦᠯᠪᠡ᠃
   ᠠᠵᠢᠯᠯᠠᠭ᠎ᠠ ᠶᠢᠨ ᠳᠤᠮᠳᠠ᠂ ᠪᠦᠬᠦ ᠰᠢᠶᠠᠨ ᠤ ᠠᠳᠠᠯᠢ ᠪᠤᠰᠤ ᠬᠦᠷᠢᠶᠡᠨ ᠤ ᠭᠠᠷ ᠤᠷᠠᠯᠠᠯ ᠤᠨ ᠬᠥᠮᠦᠰ ᠬᠤᠩ ᠮᠤᠤ ᠡᠮ ᠨᠠᠶᠢᠷᠠᠭᠤᠯᠬᠤ ᠤᠷ᠎ᠠ ᠮᠡᠷᠭᠡᠵᠢᠯ᠂ ᠥᠨᠳᠡᠭᠡᠨ ᠰᠡᠶᠢᠯᠦᠮᠡᠯ᠂ ᠴᠠᠭᠠᠰᠤᠨ ᠬᠠᠶᠢᠴᠢᠯᠠᠮᠠᠯ᠂ ᠤᠷᠠᠨ ᠪᠢᠴᠢᠯᠭᠡ᠂ ᠭᠠᠷ ᠠᠷᠠᠰᠤᠨ ᠭᠤᠲᠤᠯ ᠦᠢᠯᠡᠳᠬᠦ ᠭᠠᠷ ᠤᠷᠠᠯᠠᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠵᠦᠢᠯᠡᠰ ᠢ ᠲᠤᠬᠠᠶ ᠶᠢᠨ ᠲᠠᠯᠠᠪᠠᠢ ᠳᠤ ᠳᠡᠯᠭᠡᠨ ᠦᠵᠡᠭᠦᠯᠵᠦ᠂ ᠭᠠᠷ ᠤᠷᠠᠯᠠᠯ ᠤᠨ ᠪᠦᠲᠦᠭᠡᠭᠳᠡᠬᠦᠨ᠂ ᠴᠠᠭᠠᠰᠤᠨ ᠬᠠᠶᠢᠴᠢᠯᠠᠮᠠᠯ ᠤᠨ ᠪᠦᠲᠦᠭᠡᠯ ᠤᠳ ᠨᠢ ᠪᠣᠳᠠᠰ ᠤᠨ ᠪᠤᠰᠤ ᠰᠣᠶᠣᠯ ᠤᠨ ᠥᠪ ᠤᠨ ᠥᠨᠢ ᠤᠳᠠᠭᠠᠨ ᠲᠡᠦᠬᠡ ᠶᠢ ᠶᠠᠷᠢᠵᠠᠶ᠃ ᠯᠢᠶᠠᠩᠴᠧᠩ ᠰᠢᠶᠠᠨ ᠤ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠠᠵᠢᠯᠲᠠᠨ ᠪᠠᠨᠯᠢ ᠳ᠋ᠧᠤ᠄ ︽ᠥᠨᠥᠳᠥᠷ ᠪᠢ ᠠᠵᠠ ᠪᠠᠷ ᠰᠢᠶᠠᠨ ᠤ ᠡᠷᠬᠢᠯᠡᠭᠰᠡᠨ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠯ ᠤᠨ ᠦᠵᠡᠭᠦᠯᠭᠡ ᠶᠢᠨ ᠠᠵᠢᠯᠯᠠᠭ᠎ᠠ ᠳᠤ ᠣᠷᠣᠯᠴᠠᠵᠤ᠂ ᠲᠤᠬᠠᠢ ᠶᠢᠨ ᠲᠠᠯᠠᠪᠠᠢ ᠳᠤ ︿ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ﹀᠎ ᠶᠢ ᠵᠣᠬᠢᠶᠠᠨ ᠪᠦᠲᠦᠭᠡᠵᠦ᠂ ᠨᠡᠩ ᠤᠯᠠᠨ ᠬᠥᠮᠦᠨ ᠳᠤ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠣᠶᠢᠯᠠᠭᠠᠭᠤᠯᠵᠤ᠂ ᠴᠠᠭᠠᠰᠤᠨ ᠬᠠᠶᠢᠴᠢᠯᠠᠮᠠᠯ ᠤᠨ ᠪᠠᠭ᠋ᠠᠲᠠᠶ ᠬᠥᠮᠦᠨ ᠪᠣᠯᠤᠭᠰᠠᠨ ᠤ ᠬᠤᠪᠢ ᠳᠤ ᠪᠢ ᠭᠠᠷ ᠲᠠᠬᠢ ᠬᠠᠶᠢᠴᠢ ᠪᠣᠯᠵᠤ᠂ ᠤᠯᠠᠮᠵᠢᠯᠠᠯᠲᠤ ᠴᠠᠭᠠᠰᠤᠨ ᠬᠠᠶᠢᠴᠢᠯᠠᠮᠠᠯ ᠤᠨ ᠰᠣᠶᠣᠯ ᠤᠨ ᠦᠯᠢᠭᠡᠷ ᠢ ᠦᠷᠭᠦᠯᠵᠢᠯᠡᠨ ᠰᠠᠶᠢᠲᠤᠷ ᠶᠠᠷᠢᠵᠤ᠂ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠪᠠᠳᠠᠷᠠᠭᠤᠯᠤᠨ ᠳᠡᠯᠭᠡᠷᠡᠭᠦᠯᠦᠨ᠎ᠡ︾ ᠭᠡᠵᠦ ᠬᠡᠯᠡᠪᠡ᠃
     ᠲᠣᠰ ᠤᠳᠠᠭᠠᠨ ᠤ ᠠᠵᠢᠯᠯᠠᠭ᠎ᠠ ᠪᠣᠯ ᠨᠢᠭᠡ ᠤᠳᠠᠭᠠᠨ ᠤ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠨᠠᠩ ᠣᠯᠠᠨ ᠺᠠᠳ᠋ᠷ ᠠᠵᠢᠯᠲᠠᠨ ᠠᠵᠢᠯᠴᠢᠨ ᠪᠣᠯᠤᠨ ᠣᠯᠠᠨ ᠲᠦᠮᠡᠨ ᠢ ᠢᠳᠡᠪᠬᠢᠲᠡᠶ ᠪᠠᠷ ᠳᠠᠶᠢᠴᠢᠯᠠᠨ ᠪᠣᠳᠠᠰ ᠤᠨ ᠪᠤᠰᠤ ᠰᠣᠶᠣᠯ ᠤᠨ ᠤᠯᠠᠮᠵᠢᠯᠠᠯ ᠢ ᠠᠩᠬᠠᠷᠴᠤ᠂ ᠤᠷᠠᠨ ᠨᠠᠷᠢᠯᠢᠭ ᠭᠠᠷ ᠤᠷᠠᠯᠠᠯ ᠤᠨ ᠪᠦᠲᠦᠭᠡᠯ ᠤᠳ ᠢᠶᠠᠷ ᠳᠠᠮᠵᠢᠭᠤᠯᠤᠨ ᠮᠠᠨ ᠤ ᠰᠢᠶᠠᠨ ᠤ ᠦᠨᠳᠦᠰᠦᠲᠡᠨ ᠨᠦᠭᠦᠳ ᠤᠨ ᠪᠦᠯᠬᠦᠮᠳᠡᠨ ᠲᠡᠮᠡᠴᠡᠭᠰᠡᠨ ᠬᠡᠷᠡᠯ ᠰᠠᠴᠤᠷᠠᠩᠭᠤᠶ ᠦᠢᠯᠡᠰ ᠢ ᠢᠯᠡ ᠲᠣᠳᠣ ᠳᠡᠯᠭᠡᠨ ᠦᠵᠡᠭᠦᠯᠵᠦ᠂ ᠬᠥᠮᠦᠰ ᠤᠨ ᠰᠡᠳᠬᠢᠯ ᠢ ᠤᠯᠠᠮ ᠨᠢᠭᠡ ᠠᠯᠬᠤᠮ ᠨᠢᠭᠲᠠᠷᠠᠭᠤᠯᠤᠨ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠪᠠ᠃                                      ᠨᠠᠶᠢᠷᠠᠭᠤᠯᠤᠭᠴᠢ᠄   ᠴᠧᠨ ᠰᠢᠶᠤᠤ ᠵᠢᠤᠸᠠᠨ                                    ᠤᠷᠴᠢᠭᠤᠯᠤᠭᠴᠢ  ᠄   ᠼᠦᠢ ᠴᠢᠩ                                                                     ᠢᠷᠡᠯᠳᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2