︽ᠬᠤᠪᠢᠶᠠᠯᠴᠠᠨ ᠳᠠᠮᠵᠢᠭᠤᠯᠬᠤ ᠬᠠᠶᠢᠷ᠎ᠠ ᠬᠠᠯᠠᠮᠵᠢ︾᠎ ᠶᠢᠨ ᠨᠡᠶᠢᠲᠡ ᠶᠢᠨ ᠠᠰᠠᠷᠠᠮᠵᠢ ᠶᠢᠨ ᠬᠤᠯᠪᠣᠭᠠᠨ ᠤ 2024 ᠣᠨ ᠤ ᠵᠣᠨ ᠤ ᠤᠯᠠᠷᠢᠯ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠲᠠᠷᠬᠠᠭᠠᠬᠤ ᠠᠵᠢᠯᠯᠠᠭ᠎ᠠ ᠶᠢ ᠯᠢᠶᠠᠩᠴᠧᠩ ᠰᠢᠶᠠᠨ ᠳᠤ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2024/7/29
    2024 ᠣᠨ ᠤ 7 ᠰᠠᠷ᠎ᠠ ᠶᠢᠨ 26᠎ ᠤ ᠡᠳᠦᠷ ᠤᠨ ᠦᠳᠡ ᠶᠢᠨ ᠡᠮᠦᠨ᠎ᠡ᠂ ︽ᠬᠤᠪᠢᠶᠠᠯᠴᠠᠨ ᠳᠠᠮᠵᠢᠭᠤᠯᠵᠤ ᠬᠠᠶᠢᠷ᠎ᠠ ᠪᠠᠨ ᠳᠠᠮᠵᠢᠭᠤᠯᠬᠤ︾ ᠨᠡᠶᠢᠲᠡ ᠶᠢᠨ ᠠᠰᠠᠷᠠᠮᠵᠢ ᠶᠢᠨ ᠬᠤᠯᠪᠣᠭ᠎ᠠ ᠶᠢᠨ 2024 ᠣᠨ ᠤ ᠵᠣᠨ ᠤ ᠤᠯᠠᠷᠢᠯ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠲᠠᠷᠬᠠᠭᠠᠬᠤ ᠠᠵᠢᠯᠯᠠᠭ᠎ᠠ ᠬᠤᠷᠠᠯ ᠦᠵᠡᠰᠬᠦᠯᠡᠩ ᠤᠨ ᠲᠥᠪ ᠲᠤ ᠶᠠᠪᠤᠭᠳᠠᠪᠠ᠃ ᠲᠤᠰᠠᠯᠠᠮᠵᠢ ᠭᠥᠷᠳᠡᠭᠰᠡᠨ 44 ᠰᠣᠷᠣᠭᠴᠢ ᠪᠠ ᠬᠡᠷ ᠤᠨ ᠠᠬᠠᠮᠠᠳ᠂ ᠪᠡᠭᠡᠵᠢᠩ᠂ ᠭᠤᠸᠠᠩᠵᠧᠦ ᠵᠡᠷᠭᠡ ᠭᠠᠵᠠᠷ ᠠᠴᠠ ᠢᠷᠡᠭᠰᠡᠨ ᠬᠠᠶᠢᠷ᠎ᠠ ᠬᠠᠯᠠᠮᠵᠢ ᠶᠢᠨ ᠬᠥᠮᠦᠰ ᠵᠢᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠯᠢᠶᠠᠩᠴᠧᠩ ᠰᠢᠶᠠᠨ ᠤ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠵᠠᠶ᠃
      ᠰᠢᠶᠠᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠠᠷᠢᠭᠤᠴᠠᠯᠭᠠᠲᠠᠨ ᠯᠢᠶᠠᠩᠴᠧᠩ ᠰᠢᠶᠠᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠣᠪᠴᠢ ᠲᠠᠨᠢᠯᠴᠠᠭᠤᠯᠤᠭᠰᠠᠨ ᠪᠥᠭᠡᠳ ᠬᠤᠯᠠ ᠠᠴᠠ ᠢᠷᠡᠭᠰᠡᠨ ᠬᠠᠶᠢᠷ᠎ᠠ ᠬᠠᠯᠠᠮᠵᠢ ᠲᠠᠢ ᠬᠥᠮᠦᠰ ᠲᠤ ᠴᠢᠩ ᠰᠡᠳᠬᠢᠯ ᠤᠨ ᠲᠠᠯᠠᠷᠬᠠᠯ ᠪᠠ ᠬᠠᠯᠠᠭᠤᠨ ᠬᠦᠷᠢᠶᠡᠯᠡᠯ ᠢ ᠳᠡᠪᠰᠢᠭᠦᠯᠵᠦ᠂ ᠲᠤᠰᠠᠯᠠᠮᠵᠢ ᠭᠥᠷᠳᠡᠭᠰᠡᠨ ᠬᠡᠤᠬᠡᠳ ᠢ ᠨᠠᠮ ᠪᠠ ᠨᠡᠶᠢᠭᠡᠮ ᠤᠨ ᠬᠠᠶᠢᠷ᠎ᠠ ᠬᠠᠯᠠᠮᠵᠢ ᠲᠠᠢ ᠬᠥᠮᠦᠰ ᠤᠨ ᠬᠠᠶᠢᠷ᠎ᠠ ᠬᠠᠯᠠᠮᠵᠢ ᠶᠢ ᠨᠠᠨᠳᠢᠩᠨᠠᠵᠤ᠂ ᠰᠠᠶᠢᠲᠤᠷ ᠰᠤᠷᠤᠯᠴᠠᠵᠤ᠂ ᠠᠯᠤᠰ ᠬᠡᠲᠦ ᠶᠢᠨ ᠵᠣᠷᠢᠭ ᠰᠢᠭᠤᠳᠴᠤ᠂ ᠤᠯᠤᠰ ᠤᠨ ᠬᠥᠭᠵᠢᠯᠲᠡ ᠶᠢᠨ ᠲᠤᠯᠭᠠᠭᠤᠷᠢ ᠬᠦᠴᠦᠨ ᠪᠣᠯᠬᠤ ᠪᠠᠷ ᠴᠢᠷᠮᠠᠶᠢᠬᠤ ᠬᠡᠷᠡᠭᠲᠡᠶ ᠭᠡᠵᠦ ᠵᠣᠷᠢᠭᠵᠢᠭᠤᠯᠪᠠ᠃
      ︽ᠬᠠᠶᠢᠷ᠎ᠠ ᠪᠠᠨ ᠬᠤᠪᠢᠶᠠᠯᠴᠠᠨ ᠳᠠᠮᠵᠢᠭᠤᠯᠬᠤ︾ ᠨᠡᠶᠢᠲᠡ ᠶᠢᠨ ᠠᠰᠠᠷᠠᠮᠵᠢ ᠶᠢᠨ ᠬᠤᠯᠪᠣᠭ᠎ᠠ ᠶᠢᠨ ᠡᠭᠦᠰᠭᠡᠨ ᠪᠠᠶᠢᠭᠤᠯᠤᠭᠴᠢ ᠹᠠᠨ ᠠᠪᠠᠭ᠋ᠠᠶ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠶᠢᠨ ᠲᠤᠬᠠᠶ ᠨᠠᠷᠢᠨ ᠲᠠᠨᠢᠯᠴᠠᠭᠤᠯᠭ᠎ᠠ ᠬᠢᠵᠦ᠂ ᠬᠤᠯᠪᠣᠭ᠎ᠠ ᠪᠠᠶᠢᠭᠤᠯᠤᠭᠳᠠᠭᠰᠠᠨ ᠶᠢᠰᠦᠨ ᠵᠢᠯ ᠤᠨ ᠲᠤᠷᠰᠢᠬᠢ ᠬᠠᠯᠠᠭᠤᠨ ᠳᠤᠯᠠᠭᠠᠨ ᠥᠩᠭᠡᠷᠡᠯᠲᠡ ᠪᠠ ᠣᠯᠤᠭᠰᠠᠨ ᠠᠮᠵᠢᠯᠲᠠ ᠪᠦᠲᠦᠮᠵᠢ ᠶᠢ ᠡᠷᠭᠢᠴᠡᠭᠦᠯᠪᠡ᠃ ᠲᠡᠭᠦᠨ ᠤ ᠶᠠᠷᠢᠬᠤ ᠳᠠᠭᠠᠨ᠂ ᠬᠡᠦᠬᠡᠳ ᠤᠳ ᠪᠣᠯᠤᠨ ᠭᠡᠷ ᠤᠨ ᠠᠬᠠᠮᠠᠳ ᠡᠨᠡ ᠬᠦ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠶᠢᠨ ᠦᠭᠡᠶ ᠠᠴᠠ ᠪᠠᠶᠢᠬᠤ ᠬᠥᠭᠵᠢᠯᠲᠡ ᠶᠢᠨ ᠶᠠᠪᠤᠴᠠ ᠵᠢᠴᠢ ᠹᠠᠨ ᠠᠪᠠᠭ᠋ᠠᠶ ᠪᠣᠯᠤᠨ ᠨᠢᠭᠡ ᠪᠦᠯᠦᠭ ᠬᠠᠶᠢᠷ᠎ᠠ ᠬᠠᠯᠠᠮᠵᠢ ᠲᠠᠢ ᠬᠥᠮᠦᠰ ᠤᠨ ᠶᠠᠳᠠᠭᠤ ᠬᠦᠴᠢᠷᠳᠡᠯᠲᠡᠶ ᠰᠤᠷᠤᠭᠴᠢᠳ ᠢ ᠲᠤᠰᠠᠯᠠᠬᠤ ᠵᠠᠮ ᠳᠡᠭᠡᠷᠡᠬᠢ ᠬᠠᠷᠠᠮ ᠦᠭᠡᠢ ᠵᠣᠷᠢᠭᠤᠯᠬᠤ ᠪᠠ ᠴᠥᠬᠦᠷᠡᠰᠢ ᠦᠭᠡᠢ ᠴᠢᠷᠮᠠᠶᠢᠬᠤ ᠶᠢ ᠭᠦᠨᠵᠡᠭᠡᠶ ᠣᠶᠢᠯᠠᠭᠠᠪᠠ᠃ ᠲᠡᠭᠦᠨ ᠤ ᠰᠡᠳᠭᠢᠯ ᠨᠢ ᠲᠤᠬᠠᠢ ᠶᠢᠨ ᠲᠠᠯᠠᠪᠠᠢ ᠳᠤ ᠬᠠᠯᠠᠭᠤᠨ ᠠᠯᠠᠭ᠎ᠠ ᠲᠠᠰᠢᠯᠳᠡ ᠣᠯᠵᠤ᠂  ᠮᠠᠰᠢ ᠣᠯᠠᠨ ᠭᠡᠷ ᠤᠨ ᠠᠬᠠᠮᠠᠳ ᠪᠣᠯᠤᠨ ᠬᠡᠦᠬᠡᠳ ᠤᠳ ᠡᠳᠡᠭᠡᠷ ᠬᠠᠢᠷᠠᠲᠤ ᠬᠥᠮᠦᠰ ᠤᠨ ᠲᠥᠯᠥᠭᠡ ᠶᠡᠭᠡ ᠬᠠᠢᠷᠠᠲᠠᠢ ᠦᠢᠯᠡ ᠠᠵᠢᠯᠯᠠᠭ᠎ᠠ ᠨᠢ ᠰᠡᠳᠭᠢᠯ ᠳᠣᠭᠳᠣᠯᠵᠤ  ᠪᠠᠶᠢᠨ᠎ᠠ ᠭᠡᠵᠦ ᠶᠠᠷᠢᠪᠠ᠃    ᠠᠵᠢᠯᠯᠠᠭ᠎ᠠ ᠶᠢᠨ ᠳᠤᠮᠳᠠ᠂ ᠵᠤᠰᠠᠯᠠᠩ ᠤᠨ ᠪᠥᠬᠦ ᠪᠢᠴᠢᠬᠠᠨ ᠨᠠᠶᠢᠵᠠ ᠨᠠᠷ ᠪᠠᠰᠠ ᠬᠤᠷᠤᠭᠤᠨ ᠪᠥᠵᠢᠭ ᠢᠶᠠᠨ ᠥᠪᠡᠷ ᠢᠶᠠᠨ ᠨᠠᠶᠢᠷᠠᠭᠤᠯᠵᠤ ᠲᠣᠭᠯᠠᠵᠠᠶ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 44 ᠶᠠᠳᠠᠭᠤ ᠬᠦᠴᠢᠷᠳᠡᠯᠲᠡᠶ ᠰᠤᠷᠤᠭᠴᠢ ᠲᠤᠰᠠᠯᠠᠮᠵᠢ ᠣᠯᠵᠤ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢᠨ ᠶᠡᠷᠦᠩᠬᠡᠶ ᠲᠤᠭ᠎ᠠ ᠪᠠᠷᠤᠭ 11 ᠲᠦᠮᠡᠨ ᠲᠥᠭᠦᠷᠢᠭ ᠪᠠᠶᠢᠵᠤ᠂ ᠬᠠᠶᠢᠷ᠎ᠠ ᠶᠢᠨ ᠬᠥᠮᠦᠰ ᠪᠠᠰᠠ ᠰᠤᠷᠤᠭᠴᠢᠳ ᠲᠤ ᠪᠢᠷ ᠤᠨ ᠤᠭᠤᠲᠠ ᠵᠡᠷᠭᠡ ᠰᠤᠷᠤᠯᠭ᠎ᠠ ᠪᠠ ᠠᠮᠢᠳᠤᠷᠠᠯ ᠤᠨ ᠬᠡᠷᠡᠭᠰᠡᠯ ᠢ ᠪᠡᠯᠡᠳᠬᠡᠪᠡ᠃                                     ᠨᠠᠶᠢᠷᠠᠭᠤᠯᠤᠭᠴᠢ᠄   ᠴᠧᠨ ᠰᠢᠶᠤᠤ ᠵᠢᠤᠸᠠᠨ                                     ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2