ᠯᠢᠶᠠᠩᠴᠧᠩ ᠰᠢᠶᠠᠨ ︽ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠰᠦᠭ ᠰᠦᠨᠡᠰᠦ ᠶᠢ ᠵᠠᠯᠭᠠᠮᠵᠢᠯᠠᠵᠤ ᠦᠨᠳᠦᠰᠦᠲᠡᠨ ᠤ ᠪᠦᠯᠬᠦᠮᠳᠡᠯ ᠤᠨ ᠬᠥᠷᠥᠰᠥ ᠶᠢ ᠵᠤᠵᠠᠭᠠᠳᠬᠠᠬᠤ︾ ᠲᠤᠰᠬᠠᠶ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/29
ᠳᠤᠮᠳᠠᠳᠤ ᠶᠢᠨ ᠦᠨᠳᠦᠰᠦᠲᠡᠨ ᠤ ᠲᠡᠦᠬᠡ ᠪᠠ ᠳᠤᠮᠳᠠᠳᠤ ᠶᠢᠨ ᠰᠣᠶᠣᠯ ᠢ ᠨᠠᠩ ᠰᠠᠶᠢᠨ ᠪᠡᠶᠡᠴᠢᠯᠡᠨ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢᠨ ᠲᠥᠯᠥᠭᠡ᠂ 7 ᠰᠠᠷ᠎ᠠ ᠶᠢᠨ 25 ᠤ ᠡᠳᠦᠷ᠂ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ ᠲᠠᠢ ᠬᠠᠮᠲᠤᠷᠠᠨ ᠰᠢᠶᠠᠨ ᠤ ᠠᠵᠢᠯᠴᠢᠨ ᠤ ᠡᠪᠯᠡᠯ᠂ ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶ᠎ᠠ᠂ ᠰᠢᠶᠠᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠵᠡᠷᠭᠡ ᠬᠠᠮᠢᠶ᠎ᠠ ᠪᠥᠬᠦᠶ ᠨᠢᠭᠡᠴᠢ ᠲᠠᠢ ᠬᠠᠮᠲᠤᠷᠠᠨ ᠠᠬᠠᠮᠠᠳ ᠺᠠᠳ᠋ᠷᠴᠤᠳ ᠤᠨ ᠠᠵᠢᠯᠯᠠᠭ᠎ᠠ ᠶᠢᠨ ᠲᠥᠪ ᠲᠤ ︽ᠪᠣᠳᠠᠰ ᠤᠨ ᠪᠤᠰᠤ ᠰᠣᠶᠣᠯ ᠤᠨ ᠰᠣᠶᠣᠯ ᠤᠨ ᠰᠦᠭ ᠰᠦᠨᠡᠰᠦ ᠶᠢ ᠤᠯᠠᠮᠵᠢᠯᠠᠨ ᠵᠠᠯᠭᠠᠮᠵᠢᠯᠠᠵᠤ ᠦᠨᠳᠦᠰᠦᠲᠡᠨ ᠤ ᠪᠦᠯᠬᠦᠮᠳᠡᠯ ᠤᠨ ᠬᠥᠷᠥᠰᠥ ᠶᠢ ᠵᠤᠵᠠᠭᠠᠳᠬᠠᠬᠤ︾ ᠲᠤᠰᠬᠠᠶ ᠰᠡᠳᠦᠪᠲᠦ ᠠᠵᠢᠯᠯᠠᠭ᠎ᠠ ᠥᠷᠨᠢᠭᠦᠯᠪᠡ᠃
     ᠡᠬᠢᠯᠡᠯᠲᠡ ᠶᠢᠨ ᠶᠣᠰᠣᠯᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠢᠤᠢ ᠸᠧᠨ ᠺᠠᠢ ᠪᠠᠶᠠᠷ ᠤᠨ ᠦᠭᠡ ᠬᠡᠯᠡᠵᠦ᠂ ᠨᠠᠰᠤᠲᠠᠶᠢᠴᠤᠳ ᠤᠨ ᠤᠷᠠᠯᠢᠭ ᠤᠨ ᠪᠦᠯᠬᠦᠮ ᠭᠤᠶᠢᠳᠠ ᠰᠠᠶᠢᠬᠠᠨ ᠲᠣᠭᠯᠠᠯᠲᠠ ᠪᠠᠨ ᠳᠡᠪᠰᠢᠭᠦᠯᠪᠡ᠃
   ᠠᠵᠢᠯᠯᠠᠭ᠎ᠠ ᠶᠢᠨ ᠳᠤᠮᠳᠠ᠂ ᠪᠦᠬᠦ ᠰᠢᠶᠠᠨ ᠤ ᠠᠳᠠᠯᠢ ᠪᠤᠰᠤ ᠬᠦᠷᠢᠶᠡᠨ ᠤ ᠭᠠᠷ ᠤᠷᠠᠯᠠᠯ ᠤᠨ ᠬᠥᠮᠦᠰ ᠬᠤᠩ ᠮᠤᠤ ᠡᠮ ᠨᠠᠶᠢᠷᠠᠭᠤᠯᠬᠤ ᠤᠷ᠎ᠠ ᠮᠡᠷᠭᠡᠵᠢᠯ᠂ ᠥᠨᠳᠡᠭᠡᠨ ᠰᠡᠶᠢᠯᠦᠮᠡᠯ᠂ ᠴᠠᠭᠠᠰᠤᠨ ᠬᠠᠶᠢᠴᠢᠯᠠᠮᠠᠯ᠂ ᠤᠷᠠᠨ ᠪᠢᠴᠢᠯᠭᠡ᠂ ᠭᠠᠷ ᠠᠷᠠᠰᠤᠨ ᠭᠤᠲᠤᠯ ᠦᠢᠯᠡᠳᠬᠦ ᠭᠠᠷ ᠤᠷᠠᠯᠠᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠵᠦᠢᠯᠡᠰ ᠢ ᠲᠤᠬᠠᠶ ᠶᠢᠨ ᠲᠠᠯᠠᠪᠠᠢ ᠳᠤ ᠳᠡᠯᠭᠡᠨ ᠦᠵᠡᠭᠦᠯᠵᠦ᠂ ᠭᠠᠷ ᠤᠷᠠᠯᠠᠯ ᠤᠨ ᠪᠦᠲᠦᠭᠡᠭᠳᠡᠬᠦᠨ᠂ ᠴᠠᠭᠠᠰᠤᠨ ᠬᠠᠶᠢᠴᠢᠯᠠᠮᠠᠯ ᠤᠨ ᠪᠦᠲᠦᠭᠡᠯ ᠤᠳ ᠨᠢ ᠪᠣᠳᠠᠰ ᠤᠨ ᠪᠤᠰᠤ ᠰᠣᠶᠣᠯ ᠤᠨ ᠥᠪ ᠤᠨ ᠥᠨᠢ ᠤᠳᠠᠭᠠᠨ ᠲᠡᠦᠬᠡ ᠶᠢ ᠶᠠᠷᠢᠵᠠᠶ᠃ ᠯᠢᠶᠠᠩᠴᠧᠩ ᠰᠢᠶᠠᠨ ᠤ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠠᠵᠢᠯᠲᠠᠨ ᠪᠠᠨᠯᠢ ᠳ᠋ᠧᠤ᠄ ︽ᠥᠨᠥᠳᠥᠷ ᠪᠢ ᠠᠵᠠ ᠪᠠᠷ ᠰᠢᠶᠠᠨ ᠤ ᠡᠷᠬᠢᠯᠡᠭᠰᠡᠨ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠯ ᠤᠨ ᠦᠵᠡᠭᠦᠯᠭᠡ ᠶᠢᠨ ᠠᠵᠢᠯᠯᠠᠭ᠎ᠠ ᠳᠤ ᠣᠷᠣᠯᠴᠠᠵᠤ᠂ ᠲᠤᠬᠠᠢ ᠶᠢᠨ ᠲᠠᠯᠠᠪᠠᠢ ᠳᠤ ︿ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ﹀ ᠶᠢ ᠵᠣᠬᠢᠶᠠᠨ ᠪᠦᠲᠦᠭᠡᠵᠦ᠂ ᠨᠡᠩ ᠤᠯᠠᠨ ᠬᠥᠮᠦᠨ ᠳᠤ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠣᠶᠢᠯᠠᠭᠠᠭᠤᠯᠵᠤ᠂ ᠴᠠᠭᠠᠰᠤᠨ ᠬᠠᠶᠢᠴᠢᠯᠠᠮᠠᠯ ᠤᠨ ᠪᠠᠭ᠋ᠠᠲᠠᠶ ᠬᠥᠮᠦᠨ ᠪᠣᠯᠤᠭᠰᠠᠨ ᠤ ᠬᠤᠪᠢ ᠳᠤ ᠪᠢ ᠭᠠᠷ ᠲᠠᠬᠢ ᠬᠠᠶᠢᠴᠢ ᠪᠣᠯᠵᠤ᠂ ᠤᠯᠠᠮᠵᠢᠯᠠᠯᠲᠤ ᠴᠠᠭᠠᠰᠤᠨ ᠬᠠᠶᠢᠴᠢᠯᠠᠮᠠᠯ ᠤᠨ ᠰᠣᠶᠣᠯ ᠤᠨ ᠦᠯᠢᠭᠡᠷ ᠢ ᠦᠷᠭᠦᠯᠵᠢᠯᠡᠨ ᠰᠠᠶᠢᠲᠤᠷ ᠶᠠᠷᠢᠵᠤ᠂ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠪᠠᠳᠠᠷᠠᠭᠤᠯᠤᠨ ᠳᠡᠯᠭᠡᠷᠡᠭᠦᠯᠦᠨ᠎ᠡ︾ ᠭᠡᠵᠦ ᠬᠡᠯᠡᠪᠡ᠃
     ᠲᠣᠰ ᠤᠳᠠᠭᠠᠨ ᠤ ᠠᠵᠢᠯᠯᠠᠭ᠎ᠠ ᠪᠣᠯ ᠨᠢᠭᠡ ᠤᠳᠠᠭᠠᠨ ᠤ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠨᠠᠩ ᠣᠯᠠᠨ ᠺᠠᠳ᠋ᠷ ᠠᠵᠢᠯᠲᠠᠨ ᠠᠵᠢᠯᠴᠢᠨ ᠪᠣᠯᠤᠨ ᠣᠯᠠᠨ ᠲᠦᠮᠡᠨ ᠢ ᠢᠳᠡᠪᠬᠢᠲᠡᠶ ᠪᠠᠷ ᠳᠠᠶᠢᠴᠢᠯᠠᠨ ᠪᠣᠳᠠᠰ ᠤᠨ ᠪᠤᠰᠤ ᠰᠣᠶᠣᠯ ᠤᠨ ᠤᠯᠠᠮᠵᠢᠯᠠᠯ ᠢ ᠠᠩᠬᠠᠷᠴᠤ᠂ ᠤᠷᠠᠨ ᠨᠠᠷᠢᠯᠢᠭ ᠭᠠᠷ ᠤᠷᠠᠯᠠᠯ ᠤᠨ ᠪᠦᠲᠦᠭᠡᠯ ᠤᠳ ᠢᠶᠠᠷ ᠳᠠᠮᠵᠢᠭᠤᠯᠤᠨ ᠮᠠᠨ ᠤ ᠰᠢᠶᠠᠨ ᠤ ᠦᠨᠳᠦᠰᠦᠲᠡᠨ ᠨᠦᠭᠦᠳ ᠤᠨ ᠪᠦᠯᠬᠦᠮᠳᠡᠨ ᠲᠡᠮᠡᠴᠡᠭᠰᠡᠨ ᠬᠡᠷᠡᠯ ᠰᠠᠴᠤᠷᠠᠩᠭᠤᠶ ᠦᠢᠯᠡᠰ ᠢ ᠢᠯᠡ ᠲᠣᠳᠣ ᠳᠡᠯᠭᠡᠨ ᠦᠵᠡᠭᠦᠯᠵᠦ᠂ ᠬᠥᠮᠦᠰ ᠤᠨ ᠰᠡᠳᠬᠢᠯ ᠢ ᠤᠯᠠᠮ ᠨᠢᠭᠡ ᠠᠯᠬᠤᠮ ᠨᠢᠭᠲᠠᠷᠠᠭᠤᠯᠤᠨ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠪᠠ᠃                                      ᠨᠠᠶᠢᠷᠠᠭᠤᠯᠤᠭᠴᠢ᠄   ᠴᠧᠨ ᠰᠢᠶᠤᠤ ᠵᠢᠤᠸᠠᠨ                                    ᠤᠷᠴᠢᠭᠤᠯᠤᠭᠴᠢ  ᠄   ᠼᠦᠢ ᠴᠢᠩ                                                                     ᠢᠷᠡᠯᠳᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2