ᠯᠢᠶᠠᠩᠴᠧᠩ ᠰᠢᠶᠠᠨ ᠤ ᠴᠠᠭ ᠠᠭᠤᠷ ᠤᠨ ᠲᠣᠪᠴᠢᠶ᠎ᠠ᠄ ᠨᠠᠷᠢᠯᠢᠭ ᠴᠠᠭ ᠠᠭᠤᠷ ᠤᠨ ᠦᠢᠯᠡᠴᠢᠯᠡᠭᠡ ᠬᠠᠩᠭᠠᠵᠤ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/7/31
   ᠤᠢᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ᠤ ᠴᠠᠭ ᠠᠭᠤᠷ ᠤᠨ ᠲᠤᠪᠴᠢᠶ᠎ᠠ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠦᠢᠯᠡᠴᠢᠯᠡᠭᠡᠨ ᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠰᠢᠶᠠᠨ ᠤ ᠠᠵᠤ ᠠᠬᠤᠶᠢᠯᠠᠯ ᠪᠣᠯᠤᠨ ᠥᠷᠭᠡᠨ ᠤᠯᠠᠨ ᠲᠦᠮᠡᠨ ᠳᠤ ᠤᠨᠢᠨ ᠳᠡᠭᠡᠷ᠎ᠡ ᠨᠢ ᠴᠠᠭ ᠠᠭᠤᠷ ᠤᠨ ᠦᠢᠯᠡᠴᠢᠯᠡᠭᠡ ᠬᠠᠩᠭᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃    ᠲᠦᠷᠦᠭᠦᠬᠡᠨ᠂ ᠨᠢᠭᠡᠨᠲᠡ ᠭᠤᠤᠯ ᠦᠶᠡᠷ ᠤᠨ ᠬᠤᠭᠤᠴᠠᠭᠠᠨ ᠳᠤ ᠣᠷᠣᠵᠤ᠂ ᠵᠢᠷᠭᠤᠳᠤᠭᠠᠷ ᠰᠤᠮᠤ ᠪᠠᠯᠭᠠᠰᠤ ᠪᠠ ᠱᠧᠩᠵᠤᠸᠠᠩ ᠣᠷᠣᠨ ᠤ ᠠᠦ᠋ᠲ᠋ᠣ᠋ ᠴᠠᠭ ᠠᠭᠤᠷ ᠤᠨ ᠥᠷᠲᠡᠭᠡ ᠳᠤ᠂ ᠠᠵᠢᠯᠲᠠᠳ ᠴᠠᠭ ᠠᠭᠤᠷ ᠤᠨ ᠬᠢᠨᠠᠨ ᠬᠡᠮᠵᠢᠯᠲᠡ ᠶᠢᠨ ᠲᠥᠬᠦᠭᠡᠷᠦᠮᠵᠢ ᠶᠢ ᠪᠠᠶᠢᠴᠠᠭᠠᠨ ᠵᠠᠰᠠᠵᠤ ᠬᠠᠮᠠᠭᠠᠯᠠᠨ᠂ ᠲᠥᠬᠦᠭᠡᠷᠦᠮᠵᠢ ᠶᠢᠨ ᠬᠡᠪ ᠤᠨ ᠠᠵᠢᠯᠯᠠᠭᠠᠨ ᠢ ᠪᠠᠲᠤᠯᠠᠵᠤ᠂ ᠴᠠᠭ ᠠᠭᠤᠷ ᠤᠨ ᠮᠡᠳᠡᠭᠡ ᠵᠠᠩᠭᠢ ᠶᠢ ᠣᠨᠣᠪᠴᠢᠲᠠᠶ ᠪᠥᠭᠡᠳ ᠴᠠᠭ ᠲᠤᠬᠠᠶ ᠳᠤᠨᠢ ᠬᠢᠨᠠᠨ ᠬᠡᠮᠵᠢᠵᠦ᠂ ᠡᠨᠡ ᠵᠢᠯ ᠤᠨ ᠲᠠᠷᠢᠶᠠᠯᠠᠩ ᠤᠨ ᠦᠢᠯᠡᠳᠪᠦᠷᠢᠯᠡᠯ ᠢ ᠬᠠᠮᠠᠭᠠᠯᠠᠵᠤ ᠪᠠᠶᠢᠨ᠎ᠠ᠃ ᠣᠶᠢᠯᠠᠭᠠᠭᠰᠠᠨ ᠢᠶᠠᠷ᠂ ᠪᠥᠬᠦ ᠰᠢᠶᠠᠨ ᠳᠤ ᠨᠡᠶᠢᠲᠡ 29 ᠣᠷᠣᠨ ᠪᠦᠰᠡ ᠶᠢᠨ ᠠᠦ᠋ᠲ᠋ᠣ᠋ ᠴᠠᠭ ᠠᠭᠤᠷ ᠤᠨ ᠥᠷᠲᠡᠭᠡ ᠶᠢ ᠪᠠᠶᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃    ᠡᠨᠡ ᠵᠢᠯ ᠠᠴᠠ ᠨᠠᠰᠢ᠂ ᠰᠢᠶᠠᠨ ᠤ ᠴᠠᠭ ᠠᠭᠤᠷ ᠤᠨ ᠲᠣᠪᠴᠢᠶ᠎ᠠ ᠴᠠᠭ ᠠᠭᠤᠷ ᠤᠨ ᠣᠯᠠᠨ ᠲᠦᠮᠡᠨ ᠤ ᠠᠮᠢᠳᠤᠷᠠᠯ ᠵᠢᠴᠢ ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯ ᠢ ᠵᠢᠯᠣᠭᠤᠳᠬᠤ ᠶᠢᠨ ᠴᠢᠬᠤᠯᠠ ᠴᠢᠨᠠᠷ ᠪᠣᠯᠭᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠨᠡᠶᠢᠲᠡᠯᠡᠬᠦ ᠶᠢ ᠦᠨᠡᠨ ᠬᠦ ᠪᠠᠲᠤᠯᠠᠵᠤ᠂ ᠴᠢᠬᠤᠯᠠ ᠴᠠᠭ ᠠᠭᠤᠷ ᠤᠨ ᠶᠠᠪᠤᠴᠠ ᠪᠠ ᠭᠠᠮᠰᠢᠭ ᠤᠨ ᠴᠢᠨᠠᠷᠲᠠᠶ ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠦᠢᠯᠡᠴᠢᠯᠡᠭᠡᠨ ᠤ ᠠᠵᠢᠯ ᠳᠤ ᠴᠢᠭᠯᠡᠭᠦᠯᠦᠨ᠂ ᠡᠯ᠎ᠡ ᠲᠥᠷᠥᠯ ᠤᠨ ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠶᠢ ᠨᠡᠶᠢᠲᠡ 16 ᠬᠤᠭᠤᠴᠠᠭ᠎ᠠ᠂ ᠴᠢᠬᠤᠯᠠ ᠴᠠᠭ ᠠᠭᠤᠷ ᠤᠨ ᠮᠡᠳᠡᠭᠦᠯᠦᠯᠲᠡ 9 ᠬᠤᠭᠤᠴᠠᠭ᠎ᠠ᠂ ᠪᠣᠷᠣᠭᠠᠨ ᠤ ᠪᠠᠶᠢᠳᠠᠯ ᠤᠨ ᠴᠢᠬᠤᠯᠠ ᠮᠡᠳᠡᠭᠡ ᠵᠠᠩᠭᠢ ᠶᠢ 67 ᠬᠤᠭᠤᠴᠠᠭ᠎ᠠ᠂ ᠤᠷᠢᠳᠴᠢᠯᠠᠨ ᠰᠡᠷᠡᠮᠵᠢᠯᠡᠭᠦᠯᠬᠦ ᠳᠣᠬᠢᠶ᠎ᠠ 91 ᠬᠤᠭᠤᠴᠠᠭ᠎ᠠ᠂ ᠠᠭᠤᠯᠠᠨ ᠦᠶᠡᠷ ᠤᠨ ᠴᠠᠭ ᠠᠭᠤᠷ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ 4 ᠬᠤᠭᠤᠴᠠᠭ᠎ᠠ᠂ ᠣᠬᠤᠷ ᠬᠤᠭᠤᠴᠠᠭᠠᠨ ᠳᠤ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠶᠢ 19 ᠬᠤᠭᠤᠴᠠᠭ᠎ᠠ᠂ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠬᠤᠭᠤᠴᠠᠭ᠎ᠠ 25 ᠬᠤᠭᠤᠴᠠᠭ᠎ᠠ᠂ ᠲᠠᠷᠢᠶᠠᠯᠠᠩ ᠮᠠᠯ ᠠᠵᠤ ᠠᠬᠤᠶ ᠶᠢᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ 3 ᠬᠤᠭᠤᠴᠠᠭ᠎ᠠ ᠨᠡᠶᠢᠲᠡᠯᠡᠪᠡ᠃ ᠡᠭᠦᠨ ᠤ ᠬᠠᠮᠲᠤ᠂ ᠠᠰᠢᠭᠲᠠᠶ ᠴᠠᠭ ᠲᠣᠬᠢᠶᠠᠯ ᠢ ᠠᠳᠬᠤᠵᠤ᠂ ᠣᠲᠣ ᠪᠣᠯᠲᠠᠯ᠎ᠠ᠂ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠢ 3 ᠤᠳᠠᠭ᠎ᠠ ᠥᠷᠨᠢᠭᠦᠯᠵᠦ᠂ 21 ᠲᠡᠢᠷᠦᠯᠲᠦ ᠰᠤᠮᠤ ᠬᠠᠷᠪᠤᠵᠤ᠂ 40 ᠵᠤᠷᠪᠤᠰ ᠤᠳᠤᠭ᠎ᠠ ᠨᠣᠴᠣᠭᠠᠵᠤ᠂ ᠠᠵᠢᠯ ᠤᠨ ᠦᠷ᠎ᠡ ᠪᠦᠲᠦᠮᠵᠢ ᠢᠯᠡᠷᠬᠡᠶ ᠪᠠᠶᠢᠵᠤ᠂ ᠬᠥᠷᠥᠰᠥᠨ ᠤ ᠴᠢᠭᠢᠭ ᠤᠨ ᠪᠠᠶᠢᠳᠠᠯ ᠢ ᠪᠦᠲᠦᠮᠵᠢᠲᠡᠶ ᠳᠡᠭᠡᠭᠰᠢᠯᠡᠭᠦᠯᠵᠦ᠂ ᠴᠠᠭ ᠠᠭᠤᠷ ᠤᠨ ᠦᠢᠯᠡᠴᠢᠯᠡᠭᠡᠨ ᠤ ᠠᠵᠢᠯ ᠢ ᠲᠠᠷᠢᠶᠠᠯᠠᠩ ᠠᠵᠤ ᠠᠬᠤᠶ ᠶᠢᠨ ᠬᠥᠭᠵᠢᠯᠲᠡ ᠳᠤ ᠨᠠᠩ ᠶᠡᠭᠡ ᠦᠢᠯᠡᠳᠦᠯ ᠦᠵᠡᠭᠦᠯᠵᠡᠶ᠃                                            ᠨᠠᠶᠢᠷᠠᠭᠤᠯᠤᠭᠴᠢ᠄   ᠶᠠᠩ  ᠿᠦᠢ ᠵᠧᠨ                                            ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2