ᠯᠢᠶᠠᠩᠴᠧᠩ ᠰᠢᠶᠠᠨ ᠠᠩᠬᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠣᠬᠢᠶᠠᠮᠠᠯ ᠣᠶᠤᠨ ᠴᠢᠳᠠᠪᠤᠷᠢ ᠵᠢᠴᠢ ᠰᠢᠨ᠎ᠡ ᠶᠢ ᠡᠭᠦᠳᠦᠭᠴᠢ ᠶᠢᠨ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/4
   ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭ᠎ᠠ ᠶᠢᠨ ᠥᠷᠨᠢᠯᠲᠡ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 2᠎ ᠤᠨ ᠡᠳᠦᠷ᠂ ᠯᠢᠶᠠᠩᠴᠧᠩ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠵᠣᠬᠢᠶᠠᠨ ᠪᠠᠶᠢᠭᠤᠯᠤᠭᠰᠠᠨ ᠯᠢᠶᠠᠩᠴᠧᠩ ᠰᠢᠶᠠᠨ ᠤ ᠠᠩᠬᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠣᠬᠢᠶᠠᠮᠠᠯ ᠣᠶᠤᠨ ᠴᠢᠳᠠᠪᠤᠷᠢ ᠵᠢᠴᠢ ᠡᠭᠦᠳᠦᠭᠴᠢ ᠶᠢᠨ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠦᠢᠯᠡᠳᠦᠯᠭᠡ ᠶᠢᠨ ᠠᠵᠢᠯᠯᠠᠭ᠎ᠠ ᠶᠢ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠠᠮᠵᠢᠯᠲᠠ ᠲᠠᠢ ᠡᠷᠬᠢᠯᠡᠪᠡ᠃ ᠡᠨᠡ ᠤᠳᠠᠭᠠᠨ ᠤ ᠠᠵᠢᠯᠯᠠᠭ᠎ᠠ ᠨᠢ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ ᠰᠤᠷᠭᠠᠨ ᠬᠥᠮᠦᠵᠢᠯ᠂ ᠰᠢᠨ᠎ᠡ ᠶᠢ ᠡᠭᠦᠳᠬᠦ ᠪᠠᠷ ᠢᠷᠡᠭᠡᠳᠦᠶ ᠶᠢ ᠬᠥᠲᠥᠯᠥᠨ ᠳᠠᠭᠠᠭᠤᠯᠬᠤ︾᠎ ᠪᠠᠷ ᠭᠤᠤᠯ ᠰᠡᠳᠦᠪ ᠪᠣᠯᠭᠠᠵᠤ᠂ ᠰᠤᠷᠤᠭᠴᠢᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠬᠥᠭᠵᠢᠭᠡᠵᠦ᠂ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠠᠮᠲᠤ ᠯᠢᠶᠠᠩᠴᠧᠩ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠣᠬᠢᠶᠠᠮᠠᠯ ᠣᠶᠤᠨᠴᠢ ᠰᠢᠨ᠎ᠡ ᠶᠢ ᠡᠭᠦᠳᠦᠭᠴᠢ ᠶᠢᠨ ᠰᠤᠷᠭᠠᠨ ᠬᠥᠮᠦᠵᠢᠯ ᠤᠨ ᠲᠦᠷᠭᠡᠨ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ᠃ ᠬᠤᠲᠠ ᠶᠢᠨ ᠰᠤᠷᠭᠠᠨ ᠬᠥᠮᠦᠵᠢᠯ ᠤᠨ ᠮᠡᠷᠭᠡᠵᠢᠯ ᠬᠢᠭᠡᠳ ᠲᠤᠷᠰᠢᠯᠲᠠ ᠶᠢᠨ ᠵᠢᠭᠠᠨ ᠰᠤᠷᠭᠠᠯᠲᠠ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠯᠢᠦ ᠴᠢᠩ ᠵᠢᠴᠢ ᠮᠠᠨ ᠤ ᠰᠢᠶᠠᠨ ᠤ ᠤᠳᠤᠷᠢᠳᠤᠯᠭ᠎ᠠ ᠯᠦ ᠶᠢᠦ ᠹᠦ᠋᠂ ᠹᠧᠩ ᠵᠢᠶᠦ᠋ᠨ ᠠᠵᠢᠯᠯᠠᠭ᠎ᠠ ᠳᠤ ᠣᠷᠣᠯᠴᠠᠵᠤ᠂ ᠪᠥᠬᠦ ᠰᠢᠶᠠᠨ ᠤ ᠠᠷᠪᠠᠨ ᠳᠤᠮᠳᠠᠳᠤ ᠪᠠᠭ᠎ᠠ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ ᠶᠢᠨ 200 ᠭᠠᠷᠤᠶ ᠬᠥᠮᠦᠨ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃
                                              ᠨᠠᠶᠢᠷᠠᠭᠤᠯᠤᠭᠴᠢ᠄   ᠶᠠᠩ  ᠿᠦᠢ ᠵᠧᠨ                                               ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2