ᠯᠢᠶᠠᠩᠴᠧᠩ ᠰᠢᠶᠠᠨ 2024 ᠣᠨ ᠤ ︽ᠰᠡᠳᠬᠢᠯ ᠳᠤᠯᠠᠭᠠᠬᠠᠨ ᠠᠵᠢᠯ ᠣᠯᠭᠤᠬᠤ︾ ᠲᠤᠰᠬᠠᠶ ᠬᠠᠪᠰᠤᠷᠤᠨ ᠲᠡᠳᠬᠦᠬᠦ ᠠᠵᠢᠯᠯᠠᠭ᠎ᠠ ᠵᠢᠴᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠤᠯᠳᠠᠯᠭ᠎ᠠ ᠲᠠᠢ ᠬᠥᠮᠦᠰ ᠤᠨ ᠲᠤᠬᠠᠶ ᠶᠢᠨ ᠲᠠᠯᠠᠪᠤᠷ ᠤᠨ ᠠᠵᠢᠯᠲᠠᠨ ᠡᠯᠰᠡᠬᠦ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/7/4
    ᠠᠵᠢᠯ ᠣᠯᠭᠤᠯᠲᠠ ᠶᠢᠨ ᠦᠢᠯᠡᠴᠢᠯᠡᠭᠡ ᠶᠢ ᠴᠢᠩᠭᠠᠳᠬᠠᠵᠤ᠂ ᠠᠵᠢᠯ ᠡᠷᠢᠬᠦ ᠠᠵᠢᠯᠲᠠᠨ ᠡᠯᠰᠡᠬᠦ ᠠᠷᠭ᠎ᠠ ᠵᠠᠮ ᠢ ᠰᠢᠯᠤᠭᠤᠳᠬᠠᠬᠤ ᠶᠢᠨ ᠲᠥᠯᠥᠭᠡ᠂ 7 ᠰᠠᠷ᠎ᠠ ᠶᠢᠨ 3᠎ ᠤ ᠡᠳᠦᠷ᠂ ᠯᠢᠶᠠᠩᠴᠧᠩ ᠰᠢᠶᠠᠨ ᠤ 2024 ᠣᠨ ᠤ ︽ᠠᠭᠤᠯᠠ ᠤᠰᠤᠨ ᠯᠢᠶᠠᠩᠴᠧᠩ ᠰᠢᠶᠠᠨ ᠤ ᠰᠡᠳᠬᠢᠯ ᠳᠤᠯᠠᠭᠠᠬᠠᠨ ᠠᠵᠢᠯ ᠣᠯᠭᠤᠬᠤ︾ ᠲᠤᠰᠬᠠᠶ ᠬᠠᠪᠰᠤᠷᠤᠨ ᠲᠡᠳᠬᠦᠬᠦ ᠠᠵᠢᠯᠯᠠᠭ᠎ᠠ ᠵᠢᠴᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠤᠯᠳᠠᠯᠭ᠎ᠠ ᠲᠠᠢ ᠬᠥᠮᠦᠰ ᠤᠨ ᠲᠤᠬᠠᠶ ᠶᠢᠨ ᠲᠠᠯᠠᠪᠤᠷ ᠤᠨ ᠠᠵᠢᠯᠲᠠᠨ ᠡᠯᠰᠡᠬᠦ ᠬᠤᠷᠠᠯ ᠳ᠋ᠠᠶᠢᠬ᠎ᠠ ᠲᠠᠯᠠᠪᠠᠶ ᠳᠤ ᠶᠠᠪᠤᠭᠳᠠᠪᠠ᠃ ᠡᠯ᠎ᠡ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠵᠢᠴᠢ ᠠᠵᠢᠯᠲᠠᠨ ᠡᠯᠰᠡᠬᠦ ᠠᠵᠤ ᠠᠬᠤᠶᠢᠯᠠᠯ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠠᠶ᠃    ᠰᠢᠶᠠᠨ ᠤ ᠠᠵᠢᠯ ᠣᠯᠭᠤᠬᠤ  ᠤᠶᠢᠯᠡᠴᠢᠯᠡᠭᠡᠨ ᠤ ᠲᠥᠪ ᠨᠢ ᠠᠵᠢᠯᠲᠠᠨ ᠡᠯᠰᠡᠬᠦ ᠬᠤᠷᠠᠯ ᠤᠨ ᠲᠤᠬᠠᠶ ᠶᠢᠨ ᠲᠠᠯᠠᠪᠤᠷ ᠲᠤ  ᠰᠤᠶᠢᠳᠭᠡᠯ ᠬᠤᠷᠢᠶᠠᠬᠤ ᠥᠬᠡᠶ ᠪᠠᠷ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠳᠡᠩᠰᠡᠯᠡᠯᠲᠡ᠂ ᠰᠤᠶᠢᠳᠭᠡᠯ ᠬᠤᠷᠢᠶᠠᠬᠤ ᠥᠬᠡᠶ ᠪᠠᠷ ᠠᠵᠢᠯ ᠡᠷᠢᠬᠦ ᠳᠡᠩᠰᠡᠯᠡᠯᠲᠡ ᠪᠠ ᠠᠵᠢᠯ ᠲᠠᠨᠢᠯᠴᠠᠭᠤᠯᠬᠤ ᠵᠡᠷᠭᠡ ᠣᠯᠠᠨ ᠤᠶᠢᠯᠡᠴᠢᠯᠡᠭᠡᠨ ᠤ ᠲᠣᠭᠤᠷᠢᠭ ᠲᠣᠬᠢᠷᠠᠭᠤᠯᠬᠤ ᠶᠢᠨ ᠬᠠᠮᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠪᠠ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠵᠥᠪᠯᠡᠯᠭᠡ ᠥᠭᠬᠦ ᠵᠡᠷᠭᠡ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠬᠠᠩᠭᠠᠪᠠ᠃ ᠠᠰᠠᠭᠤᠨ ᠯᠠᠪᠯᠠᠬᠤ ᠪᠠᠷ ᠢᠷᠡᠭᠰᠡᠨ ᠠᠵᠢᠯ ᠡᠷᠢᠭᠰᠡᠳ ᠲᠠᠰᠤᠷᠠᠯᠲᠠ ᠦᠭᠡᠢ ᠣᠯᠠᠰᠢᠷᠠᠵᠤ᠂ ᠡᠯ᠎ᠡ ᠠᠵᠢᠯᠲᠠᠨ ᠡᠯᠰᠡᠬᠦ ᠠᠵᠤ ᠠᠬᠤᠶᠢᠯᠠᠯ ᠤᠨ ᠦᠵᠡᠭᠦᠯᠭᠡ ᠶᠢᠨ ᠪᠠᠶᠢᠷᠢ ᠶᠢᠨ ᠡᠮᠦᠨ᠎ᠡ ᠤᠷᠢᠯᠭ᠎ᠠ ᠳᠤ ᠢᠷᠡᠭᠰᠡᠨ ᠬᠥᠮᠦᠰ ᠢᠶᠠᠷ ᠳᠦᠭᠦᠷᠴᠡᠶ᠂ ᠲᠡᠳᠡ ᠠᠵᠢᠯᠲᠠᠨ ᠡᠯᠰᠡᠬᠦ ᠲᠣᠪᠴᠢ ᠳᠦᠷᠢᠮ ᠢ ᠨᠠᠷᠢᠨ ᠬᠢᠨᠠᠮᠠᠭᠠᠶ ᠤᠩᠰᠢᠵᠤ᠂ ᠬᠤᠪᠢ ᠬᠥᠮᠦᠨ ᠤ ᠲᠣᠪᠴᠢ ᠨᠠᠮᠲᠠᠷ ᠢᠶᠠᠨ ᠲᠤᠰᠢᠶᠠᠵᠤ᠂ ᠬᠥᠮᠦᠨ ᠬᠡᠷᠡᠭᠯᠡᠬᠦ ᠨᠢᠭᠡᠴᠡ ᠶᠢᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠪᠠ ᠴᠠᠯᠢᠩ ᠣᠯᠭᠤᠮᠵᠢ ᠵᠡᠷᠭᠡ ᠶᠢ ᠣᠶᠢᠯᠠᠭᠠᠪᠠ᠃ ︽ᠥᠨᠥᠳᠥᠷ ᠠᠭᠤᠳᠠᠮ ᠲᠠᠯᠠᠪᠠᠢ ᠶᠢᠨ ᠠᠵᠢᠯᠲᠠᠨ ᠡᠯᠰᠡᠬᠦ ᠬᠤᠷᠠᠯ ᠬᠢᠵᠦ᠂ ᠪᠢ ᠪᠠᠢ ᠼᠤᠤ ᠲᠠᠩ ᠤᠨ ᠶᠡᠭᠡ ᠡᠮ ᠤᠨ ᠳᠡᠯᠭᠡᠭᠦᠷ ᠲᠤ ᠨᠢᠭᠡ ᠬᠤᠪᠢ ᠤᠷᠢᠬᠤ ᠬᠦᠰᠦᠨᠦᠭᠲᠦ ᠲᠠᠭᠯᠠᠵᠤ᠂ ᠮᠢᠨᠦ ᠦᠵᠡᠬᠦ ᠪᠠᠷ ᠡᠨᠡ ᠲᠠᠪᠴᠠᠩ ᠢ ᠪᠠᠶᠢᠭᠤᠯᠤᠭᠰᠠᠨ ᠨᠢ ᠶᠡᠭᠡ ᠰᠠᠶᠢᠨ᠂ ᠪᠢᠳᠡᠨ ᠳᠤ ᠨᠢᠭᠡ ᠰᠡᠳᠬᠢᠯ ᠤᠨ ᠠᠵᠢᠯ ᠣᠯᠵᠤ ᠥᠭᠴᠦ ᠴᠢᠳᠠᠨ᠎ᠠ︾ ᠬᠡᠵᠡᠢ᠃ ᠠᠵᠢᠯ ᠡᠷᠢᠬᠦ ᠬᠦᠰᠦᠨᠦᠭᠲᠦ ᠲᠠᠭᠯᠠᠵᠤ ᠳᠠᠭᠤᠰᠬᠠᠭᠰᠠᠨ ᠬᠤᠩ ᠮᠤᠤ ᠪᠠᠯᠭᠠᠰᠤᠨ ᠤ ᠰᠠᠬᠤᠬᠠᠯᠢ ᠠᠷᠠᠳ ᠨᠢᠤ ᠷᠦᠢ ᠵᠧᠨ ᠪᠠᠶᠠᠷᠲᠠᠶ ᠬᠡᠯᠡᠪᠡ᠃    ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ︽ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠤᠤᠰ ᠠᠵᠢᠯᠲᠠᠨ ᠡᠯᠰᠡᠬᠦ ᠵᠠᠭᠪᠤᠷ ᠢ ᠬᠡᠷᠡᠭᠵᠢᠭᠦᠯᠵᠦ᠂ 36 ᠠᠵᠤ ᠠᠬᠤᠶᠢᠯᠠᠯ ᠣᠷᠣᠯᠴᠠᠵᠤ᠂ 940 ᠠᠵᠢᠯ ᠤᠨ ᠪᠠᠶᠢᠷᠢ ᠬᠠᠩᠭᠠᠵᠤ᠂ ᠢᠳᠡᠭᠡᠨ ᠤᠮᠳᠠᠭᠠᠨ᠂ ᠡᠮ ᠡᠮᠨᠡᠯᠭᠡ᠂ ᠰᠦ ᠶᠢᠨ ᠦᠢᠯᠡᠰ ᠤᠨ ᠠᠵᠤ ᠠᠬᠤᠶᠢᠯᠠᠯ ᠵᠡᠷᠭᠡ ᠡᠯ᠎ᠡ ᠲᠥᠷᠥᠯ ᠤᠨ ᠠᠵᠢᠯ ᠤᠨ ᠪᠠᠶᠢᠷᠢ ᠪᠠᠭᠲᠠᠨ᠎ᠠ᠃ ᠠᠵᠢᠯᠯᠠᠭ᠎ᠠ ᠶᠢᠨ ᠲᠠᠯᠠᠪᠠᠶ ᠳᠤ ᠤᠷᠤᠭᠰᠠᠨ ᠬᠥᠮᠦᠨ ᠤ ᠲᠤᠭ᠎ᠠ ᠨᠡᠶᠢᠲᠡ 2000 ᠬᠥᠮᠦᠨ ᠤᠳᠠᠭ᠎ᠠ ᠳᠤ ᠬᠦᠷᠴᠦ᠂ 170 ᠬᠤᠪᠢ ᠠᠵᠢᠯ ᠤᠯᠬᠤ ᠰᠠᠨᠠᠮᠵᠢ ᠲᠣᠭᠲᠠᠪᠠ᠃ ᠡᠭᠦᠨ ᠤ ᠬᠠᠮᠲᠤ᠂ ᠰᠦᠯᠵᠢᠶᠡᠨ ᠳᠡᠭᠡᠷ᠎ᠡ 1.8 ᠲᠦᠮᠡᠨ ᠤᠳᠠᠭ᠎ᠠ ᠰᠢᠭᠤᠳ ᠨᠡᠪᠲᠡᠷᠡᠭᠦᠯᠦᠨ ᠬᠠᠷᠢᠯᠴᠠᠨ ᠬᠥᠳᠡᠯᠦᠯᠴᠡᠵᠦ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠪᠥᠬᠦ ᠲᠠᠯ᠎ᠠ ᠶᠢᠨ ᠰᠣᠯᠢᠯᠴᠠᠭ᠎ᠠ ᠪᠠ ᠬᠠᠮᠲᠤ ᠪᠠᠷ ᠡᠳ᠋ᠯᠡᠬᠦ ᠶᠢ ᠭᠦᠨᠵᠡᠭᠡᠶᠢᠷᠡᠭᠦᠯᠦᠨ᠂ ᠠᠵᠢᠯᠴᠢᠨ ᠬᠡᠷᠡᠭᠯᠡᠬᠦ ᠨᠢᠭᠡᠴᠢ ᠪᠠ ᠠᠵᠢᠯ ᠡᠷᠢᠭᠰᠡᠳ ᠢ ᠵᠣᠯᠭᠠᠭᠤᠯᠬᠤ ᠲᠠᠪᠴᠠᠩ ᠢ ᠪᠦᠲᠦᠮᠵᠢᠲᠡᠶ ᠪᠠᠶᠢᠭᠤᠯᠪᠠ᠃    ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠮᠧᠩ ᠰᠢᠶᠤᠤ ᠶᠦᠩ ᠬᠡᠯᠡᠬᠦ ᠳᠡᠭᠡᠨ᠄ ︽ᠬᠤᠶᠢᠰᠢᠳᠠ ᠪᠢᠳᠡ ᠡᠶᠢᠮᠦ ᠲᠥᠷᠥᠯ ᠤᠨ ᠠᠵᠢᠯᠲᠠᠨ ᠡᠯᠰᠡᠬᠦ ᠠᠵᠢᠯᠯᠠᠭ᠎ᠠ ᠶᠢ ᠨᠠᠩ ᠣᠯᠠᠨ ᠡᠷᠭᠢᠯᠡᠵᠦ᠂ ᠠᠵᠤ ᠠᠬᠤᠶᠢᠯᠠᠯ ᠪᠠ ᠠᠵᠢᠯ ᠡᠷᠢᠭᠰᠡᠳ ᠲᠤ ᠬᠠᠩᠭᠠᠯᠭ᠎ᠠ ᠬᠡᠷᠡᠭᠴᠡᠭᠡᠨ ᠤ ᠲᠠᠪᠴᠠᠩ ᠪᠠᠶᠢᠭᠤᠯᠤᠨ ᠥᠭᠴᠦ᠂ ᠠᠵᠤ ᠠᠬᠤᠶᠢᠯᠠᠯ ᠢᠶᠠᠷ ᠲᠣᠬᠢᠷᠠᠮᠵᠢᠲᠠᠶ ᠠᠵᠢᠯᠲᠠᠨ ᠡᠯᠰᠡᠵᠦ᠂ ᠠᠵᠢᠯ ᠡᠷᠢᠭᠰᠡᠳ ᠲᠤ ᠬᠦᠰᠡᠯᠡᠩ ᠲᠠᠢ ᠠᠵᠢᠯ ᠣᠯᠭᠤᠵᠤ ᠥᠭᠭᠦᠨ᠎ᠡ︾ ᠭᠡᠪᠡ᠃                                           ᠨᠠᠶᠢᠷᠠᠭᠤᠯᠤᠭᠴᠢ᠄   ᠶᠠᠩ  ᠿᠦᠢ ᠵᠧᠨ                                           ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2