ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠪᠠᠯᠭᠠᠰᠤᠨ ᠤ ᠸᠠᠩ ᠬᠠᠶ ᠨᠡᠶᠢᠭᠡᠮ ᠲᠣᠭᠤᠷᠢᠭ ᠡᠨᠡ ᠵᠢᠯ ᠠᠴᠠ | ᠡᠬᠢᠯᠡᠨ᠂ ᠠᠳᠡ ᠰᠠᠭᠤᠵᠤ ᠪᠠᠶᠢᠭ᠎ᠠ 65 ᠨᠠᠰᠤᠲᠠᠶ ᠨᠠᠰᠤᠲᠠᠶᠢᠴᠤᠳ ᠤᠨ ᠲᠥᠷᠥᠭᠰᠡᠨ ᠡᠳᠦᠷ ᠤᠨ ᠪᠠᠶᠠᠷ ᠢ | ᠪᠡᠯᠭᠡᠯᠡᠬᠦ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠨᠠᠰᠤᠲᠠᠶᠢᠴᠤᠳ ᠲᠤ ᠨᠡᠶᠢᠭᠡᠮ ᠤᠨ ᠬᠠᠶᠢᠷ᠎ᠠ | ᠬᠠᠯᠠᠮᠵᠢ ᠶᠢ ᠬᠦᠷᠲᠡᠭᠡᠵᠦ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠣᠯᠠᠨ ᠲᠦᠮᠡᠨ ᠤ | ᠬᠤᠭᠤᠷᠣᠨᠳᠣᠬᠢ ᠵᠠᠶ ᠶᠢ ᠤᠯᠠᠮ ᠨᠢᠭᠡ ᠠᠯᠬᠤᠮ ᠣᠶᠢᠷᠠᠲᠤᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠨᠢᠭᠲᠠᠷᠠᠯ ᠤᠨ ᠬᠦᠴᠦᠨ ᠪᠣᠯᠤᠨ ᠲᠥᠪᠯᠡᠩᠭᠦᠶ ᠬᠦᠴᠦᠨ ᠢ ᠴᠢᠩᠭᠠᠷᠠᠭᠤᠯᠪᠠ᠃ | | | | | | | | 7 ᠰᠠᠷ᠎ᠠ ᠶᠢᠨ 3 ᠤ ᠡᠳᠦᠷ᠂ ᠬᠠᠯᠠᠭᠤᠨ ᠳᠤᠯᠠᠭᠠᠨ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠶᠠᠭ | ᠶᠠᠪᠤᠭᠳᠠᠵᠤ ᠪᠠᠶᠢᠨ᠎ᠠ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ | ᠪᠣᠯᠤᠨ ᠨᠠᠮ ᠤᠨ ᠭᠡᠰᠢᠭᠦᠨ ᠰᠠᠶᠢᠨ ᠳᠤᠷ᠎ᠠ ᠶᠢᠨ ᠦᠢᠯᠡᠴᠢᠯᠡᠭᠴᠢᠳ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ | 79 ᠨᠠᠰᠤᠲᠠᠶ ᠵᠠᠩ ᠾᠧᠩ ᠱᠧᠩ ᠨᠠᠰᠤᠲᠠᠨ ᠤ ᠬᠡᠷ ᠲᠤ ᠬᠦᠷᠴᠦ ᠨᠠᠰᠤᠲᠠᠨ ᠤ ᠲᠥᠷᠥᠭᠰᠡᠨ ᠡᠳᠦᠷ ᠤᠨ ᠪᠠᠶᠠᠷ ᠢ | ᠪᠡᠯᠭᠡᠯᠡᠵᠦ᠂ ᠨᠠᠰᠤᠲᠠᠶᠢᠴᠤᠳ ᠲᠤ ᠴᠢᠩ ᠰᠡᠳᠬᠢᠯ ᠤᠨ ᠵᠥᠩᠨᠡᠯ ᠳᠡᠪᠰᠢᠭᠦᠯᠪᠡ᠃ ᠨᠠᠰᠤᠲᠠᠳ ᠤᠨ ᠳᠣᠲᠣᠷ᠎ᠠ᠂ | ᠤᠯᠠᠨ ᠢᠶᠠᠷ ᠢᠶᠠᠨ ᠠᠵᠢᠯ ᠢᠶᠠᠨ ᠬᠤᠪᠢᠶᠠᠷᠢᠯᠠᠨ ᠬᠠᠮᠲᠤᠷᠠᠯᠴᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ | ᠪᠠᠴᠢᠮ ᠪᠥᠭᠡᠳ ᠡᠮᠬᠢ ᠵᠢᠷᠤᠮ ᠲᠠᠢ ᠥᠷᠨᠢᠭᠦᠯᠵᠦ ᠪᠠᠶᠢᠨ᠎ᠠ᠃ ᠡᠩ ᠲᠡᠷᠢᠭᠦᠨ ᠳᠤ ᠨᠠᠰᠤᠲᠠᠨ ᠢ ᠬᠠᠪᠰᠤᠷᠤᠨ ᠦᠰᠦ | ᠬᠠᠶᠢᠴᠢᠯᠠᠬᠤ ᠦᠢᠯᠡᠴᠢᠯᠡᠭᠡ ᠬᠠᠩᠭᠠᠵᠤ᠂ ᠨᠠᠰᠤᠲᠠᠨ ᠢ ᠬᠠᠮᠤᠭ ᠤᠨ ᠰᠠᠶᠢᠨ ᠪᠠᠶᠢᠳᠠᠯ ᠢᠶᠠᠷ ᠥᠪᠡᠷ ᠤᠨ ᠲᠥᠷᠥᠭᠰᠡᠨ | ᠡᠳᠦᠷ ᠢᠶᠠᠨ ᠦᠩᠭᠡᠷᠡᠭᠦᠯᠬᠦ ᠶᠢᠨ ᠬᠠᠮᠲᠤ ᠪᠤᠰᠤᠳ ᠰᠠᠶᠢᠨ ᠳᠤᠷ᠎ᠠ ᠶᠢᠨ ᠦᠢᠯᠡᠴᠢᠯᠡᠭᠴᠢᠳ ᠴᠦ ᠰᠤᠯᠠ ᠲᠠᠯᠪᠢᠭᠰᠠᠨ | ᠦᠭᠡᠢ᠂ ᠲᠡᠳᠡᠨ ᠤ ᠵᠠᠷᠢᠮ ᠨᠢ ᠨᠠᠰᠤᠲᠠᠨ ᠢ ᠬᠠᠪᠰᠤᠷᠤᠨ ᠭᠡᠷ ᠪᠠᠶᠢᠰᠢᠩ ᠢ ᠨᠢ ᠱᠦᠭᠦᠷᠳᠡᠨ ᠴᠡᠪᠡᠷᠯᠡᠵᠦ᠂ ᠭᠡᠷ ᠤᠨ | ᠴᠡᠴᠡᠭ ᠤᠨ ᠡᠪᠡᠰᠦ ᠶᠢ ᠤᠰᠤᠯᠠᠵᠤ᠂ ᠠᠮᠢᠳᠤᠷᠠᠯ ᠤᠨ ᠡᠳ᠋ ᠪᠣᠳᠠᠰ ᠢ ᠨᠢ ᠡᠮᠬᠢᠯᠡᠪᠡ︔ ᠵᠠᠷᠢᠮ ᠨᠢ ᠨᠠᠰᠤᠲᠠᠨ ᠤ | ᠭᠡᠷ ᠲᠤᠨᠢ ᠴᠠᠬᠢᠯᠭᠠᠨ ᠬᠡᠷᠡᠭᠯᠡᠬᠦ ᠡᠰᠡᠬᠦ ᠵᠡᠷᠭᠡ ᠠᠮᠤᠷ ᠲᠦᠪᠰᠢᠨ ᠤ ᠳᠠᠯᠳᠠ ᠭᠡᠮ ᠪᠠᠶᠢᠬᠤ ᠡᠰᠡᠬᠦ ᠶᠢ ᠨᠠᠷᠢᠨ | ᠪᠠᠶᠢᠴᠠᠭᠠᠵᠤ᠂ ᠨᠠᠰᠤᠲᠠᠨ ᠤ ᠠᠮᠢᠳᠤᠷᠠᠯ ᠤᠨ ᠣᠷᠴᠢᠨ ᠲᠣᠭᠤᠷᠢᠨ ᠨᠢ ᠠᠮᠤᠷ ᠲᠦᠪᠰᠢᠨ ᠲᠠᠭᠠᠯᠠᠮᠵᠢᠲᠠᠶ ᠪᠠᠶᠢᠬᠤ ᠶᠢ | ᠦᠨᠡᠨ ᠬᠦ ᠪᠠᠲᠤᠯᠠᠪᠠ︔ ᠪᠠᠰᠠ ᠨᠠᠰᠤᠲᠠᠨ ᠳᠤ ᠴᠢᠰᠤᠨ ᠳᠠᠷᠤᠯᠲᠠ ᠶᠢ ᠬᠡᠮᠵᠢᠵᠦ᠂ ᠠᠮᠤᠷ ᠲᠦᠪᠰᠢᠨ ᠢᠶᠠᠷ ᠡᠮ | ᠬᠡᠷᠡᠭᠯᠡᠬᠦ ᠲᠠᠯ᠎ᠠ ᠶᠢᠨ ᠮᠡᠳᠡᠯᠭᠡ ᠶᠢ ᠲᠦᠭᠡᠮᠡᠯᠵᠢᠭᠦᠯᠵᠡᠶ᠃ ᠳᠠᠷᠠᠭ᠎ᠠ ᠨᠢ ᠣᠯᠠᠨ ᠢᠶᠠᠷ ᠢᠶᠠᠨ ᠬᠠᠮᠲᠤ ᠰᠠᠭᠤᠵᠤ ᠲᠣᠰᠣᠨ | ᠪᠣᠤᠪᠤ ᠬᠢᠵᠦ᠂ ᠬᠠᠮᠲᠤ ᠪᠠᠷ ᠦᠳᠡ ᠶᠢᠨ ᠬᠤᠭᠤᠯᠠ ᠪᠠᠨ ᠪᠡᠯᠡᠳᠬᠡᠪᠡ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ | |